ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠰᠦᠭᠡᠢ | | | — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡ ᠬᠢᠭᠰᠡᠨ ᠢᠯᠡᠳᠬᠡᠯ | ︵2022 ᠣᠨ ᠤ 10 ᠰᠠᠷᠠ ᠶᠢᠨ 16 ᠤ ᠡᠳᠦᠷ︶ | ᠰᠢ ᠶᠢᠨ ᠫᠢᠩ | | | ᠨᠥᠬᠦᠳ ᠠ᠋᠄ | ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨᠡ ᠠᠴᠠ ᠶᠡᠭᠡ ᠬᠤᠷᠠᠯ ᠳᠤ ᠢᠯᠡᠳᠬᠡᠯ | ᠭᠢᠶᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠰᠢᠨᠡ ᠠᠶᠠᠨ ᠳᠤ ᠮᠣᠷᠳᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭᠠ ᠶᠢᠨ ᠴᠠᠭ ᠮᠥᠴᠡ ᠳᠤ | ᠬᠤᠷᠠᠯᠳᠤᠭᠰᠠᠨ ᠨᠢᠭᠡ ᠤᠳᠠᠭᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠣᠨᠠ᠃ | ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ | ᠶᠡᠭᠡ ᠲᠤᠭ ᠢ ᠥᠨᠳᠥᠷ ᠮᠠᠨᠳᠤᠭᠤᠯᠵᠤ᠂ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠ ᠶᠢ ᠪᠦᠭᠦ ᠲᠠᠯᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ | ᠰᠠᠨᠠᠭᠠ ᠶᠢ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ | ᠰᠢᠨᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠨᠡ᠃ | ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ | ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ᠂ | ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ ᠲᠥᠯᠥᠭᠡ ᠴᠢᠷᠮᠠᠶᠢᠵᠤ | ᠪᠠᠶᠢᠭᠠ ᠪᠣᠯᠬᠤᠷ ᠬᠠᠷᠢᠭᠤᠴᠠᠯᠭᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ ᠬᠢᠵᠠᠭᠠᠯᠠᠰᠢ ᠦᠭᠡᠢ ᠢᠷᠠᠭᠤ ᠠᠯᠳᠠᠷᠲᠠᠢ | ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭᠠ ᠪᠠᠨ ᠪᠠᠲᠤ | ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ | ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠ ᠪᠠᠨ | ᠴᠢᠩᠭᠠᠳᠬᠠᠵᠤ᠂ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠩ ᠭᠡᠷᠡᠯ | ᠰᠠᠴᠤᠷᠠᠩᠭᠤᠢ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨᠡ ᠴᠠᠭ ᠦᠶᠡ ᠶᠢᠨ ᠠᠷᠪᠠᠨ ᠵᠢᠯ ᠤᠨ ᠠᠭᠤᠤ ᠶᠡᠭᠡ | ᠬᠤᠪᠢᠰᠤᠯᠲᠠ | ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ | ᠵᠢᠷ ᠤᠨ ᠪᠤᠰᠤ ᠶᠢᠨ ᠲᠠᠪᠤᠨ ᠵᠢᠯ ᠮᠥᠨ᠃ ᠨᠠᠮ ᠤᠨ ᠲᠥᠪ ᠬᠤᠷᠢᠶᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭᠠ ᠶᠢᠨ ᠪᠦᠭᠦ ᠲᠠᠯᠠ ᠪᠣᠯᠣᠨ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ | ᠲᠣᠬᠢᠶᠠᠯᠳᠤᠭᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠤᠯᠤᠭᠠ ᠤᠳᠠᠭᠠ ᠶᠢᠨ ᠪᠦᠭᠦᠳᠡ | ᠬᠤᠷᠠᠯ ᠬᠢᠵᠦ᠂ ᠲᠤᠰ ᠲᠤᠰ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ | ᠪᠠ ᠲᠡᠦᠬᠡᠨ ᠲᠤᠷᠰᠢᠯᠭᠠ ᠶᠢ ᠪᠦᠭᠦ ᠲᠠᠯᠠ ᠪᠠᠷ ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠲᠣᠭᠲᠠᠭᠠᠯ ᠪᠠ | ᠰᠢᠢᠳᠪᠦᠷᠢ ᠭᠠᠷᠭᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ ᠪᠠᠶᠢᠯᠳᠤᠬᠤ | ᠪᠣᠳᠣᠯᠭᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ | ᠵᠠᠯᠭᠠᠭᠠ ᠪᠠᠷ ᠲᠤᠯᠭᠠᠷᠠᠭᠰᠠᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ | ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭᠠ ᠭᠠᠷᠭᠠᠬᠤ ᠵᠣᠷᠢᠭ ᠰᠠᠨᠠᠭᠠ ᠪᠠᠷ ᠰᠢᠨᠡ ᠴᠠᠭ ᠦᠶᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠤᠷᠤᠭᠰᠢᠯᠠᠭᠤᠯᠪᠠ᠃ | ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠦᠭᠦ ᠲᠠᠯᠠ ᠶᠢᠨ ᠤᠳᠤᠷᠢᠳᠤᠯᠭᠠ ᠪᠣᠯᠣᠨ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭᠠ ᠶᠢ ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ | ᠪᠦᠭᠦ ᠲᠠᠯᠠ ᠪᠠᠷ ᠪᠡᠶᠡᠯᠡᠭᠦᠯᠬᠦ ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠤᠨᠤᠪᠴᠢᠳᠠᠢ᠂ ᠪᠦᠭᠦ ᠲᠠᠯᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭᠠ ᠠᠴᠠ ᠪᠠᠨ ᠪᠠᠶᠢᠭᠤᠯᠵᠤ᠂ | ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠭᠦ ᠲᠠᠯᠠ ᠪᠠᠷ ᠠᠬᠢᠭᠤᠯᠵᠤ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠶᠢ ᠳᠣᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠨᠡᠶᠢᠭᠡᠮ ᠤᠨ ᠶᠡᠭᠡ ᠲᠠᠯᠠ ᠶᠢᠨ ᠲᠣᠭᠲᠠᠭᠤᠨ ᠢ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠲᠣᠮᠣ ᠤᠯᠤᠰ ᠤᠨ ᠭᠠᠳᠠᠭᠠᠳᠤ ᠬᠠᠷᠢᠯᠴᠠᠭᠠ ᠶᠢ ᠪᠦᠭᠦ ᠲᠠᠯᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ | ᠶᠡᠭᠡ ᠰᠢᠨᠡ ᠢᠨᠵᠧᠨᠧᠷᠢᠩ ᠢ ᠪᠦᠭᠦ ᠲᠠᠯᠠ ᠪᠠᠷ ᠠᠬᠢᠭᠤᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠨ᠂ | ᠪᠦᠭᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭᠠ ᠬᠥᠮᠦᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ᠂ ᠪᠦᠭᠦ ᠨᠠᠮ ᠢ ᠤᠷᠢᠶᠠᠯᠠᠨ ᠨᠠᠮ ᠪᠠᠶᠢᠭᠤᠯᠤᠭᠰᠠᠨ | ᠠᠭᠤᠤ ᠶᠡᠭᠡ ᠵᠣᠷᠢᠭ ᠰᠠᠨᠠᠭᠠ ᠶᠢ ᠰᠤᠷᠤᠯᠴᠠᠨ ᠦᠢᠯᠡᠳᠦᠯᠭᠡᠵᠢᠭᠦᠯᠵᠦ᠂ ᠰᠢᠨᠡ ᠠᠶᠠᠨ ᠳᠤ ᠨᠡᠩ ᠡᠷᠡᠰ ᠪᠠᠲᠤ᠂ ᠨᠡᠩ | ᠤᠬᠠᠮᠰᠠᠷ ᠠᠴᠠ ᠪᠠᠨ ᠤᠭ ᠰᠠᠨᠠᠭᠠ ᠡᠭᠦᠷᠭᠡ ᠬᠠᠷᠢᠭᠤᠴᠠᠯᠭᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ | ᠡᠭᠦᠳᠦᠨ ᠨᠡᠭᠡᠭᠡᠵᠡᠢ᠃ ᠢᠯᠠᠩᠭᠤᠶᠠ ᠭᠡᠨᠡᠳᠲᠡ ᠡᠭᠦᠰᠦᠭᠰᠡᠨ ᠰᠢᠨᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠭᠠᠳᠠᠨᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨᠠ ᠪᠠᠨ ᠳᠠᠭᠢᠨ ᠲᠠᠷᠬᠠᠨ ᠳᠡᠯᠭᠡᠷᠡᠬᠦ ᠶᠢ | ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ | ᠠᠷᠠᠳ ᠤᠨ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠬᠦ ᠲᠠᠯᠠ ᠪᠠᠷ ᠴᠢᠬᠤᠯᠠ ᠶᠡᠭᠡ ᠢᠳᠡᠪᠬᠢᠲᠡᠢ ᠦᠷᠡ ᠪᠦᠲᠦᠭᠡᠯ ᠣᠯᠪᠠ᠃ ᠰᠢᠶᠠᠩᠭᠠᠩ ᠤᠨ | ᠪᠠᠶᠢᠳᠠᠯ ᠤᠨ ᠲᠣᠭᠲᠠᠭᠤᠨ ᠪᠤᠰᠤ ᠬᠤᠪᠢᠷᠠᠯᠲᠠ ᠶᠢᠨ ᠡᠮᠦᠨᠡ᠂ ᠪᠢᠳᠡ ᠦᠨᠳᠦᠰᠦᠨ ᠬᠠᠤᠯᠢ ᠪᠠ ᠦᠨᠳᠦᠰᠦ ᠪᠤᠯᠬᠤ | ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠣᠨᠴᠠᠭᠠᠢ ᠣᠷᠣᠨ ᠢ ᠪᠦᠭᠦ ᠲᠠᠯᠠ ᠪᠠᠷ ᠬᠠᠮᠢᠶᠠᠷᠤᠨ ᠵᠠᠰᠠᠬᠤ ᠡᠷᠬᠡ ᠶᠢ | ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠤᠯᠤᠰ ᠢᠶᠠᠨ ᠬᠠᠶᠢᠷᠠᠯᠠᠭᠴᠢᠳ ᠰᠢᠶᠠᠩᠭᠠᠩ ᠢ ᠵᠠᠰᠠᠬᠤ︾ | ᠵᠠᠷᠴᠢᠮ ᠢ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ | ᠣᠷᠣᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠰᠢᠶᠠᠩᠭᠠᠩ ᠣᠣᠮᠧᠨ ᠤ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ ᠲᠣᠭᠲᠠᠭᠤᠨ ᠢᠶᠠᠨ ᠪᠠᠲᠤᠯᠠᠬᠤ ᠶᠢ ᠳᠡᠮᠵᠢᠪᠡ᠃ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭᠠ ᠪᠠ ᠭᠠᠳᠠᠭᠠᠳᠤ ᠶᠢᠨ ᠬᠦᠴᠦᠨ ᠤ | ᠲᠠᠶᠢᠸᠠᠨ ᠤ ᠬᠡᠷᠡᠭ ᠶᠠᠪᠤᠳᠠᠯ ᠳᠤ ᠭᠠᠷ ᠲᠦᠷᠦᠭᠦ ᠬᠦᠨᠳᠦ ᠨᠣᠴᠢᠲᠠᠢ ᠥᠳᠥᠭᠡᠯᠭᠡ ᠶᠢᠨ ᠡᠮᠦᠨᠡ᠂ ᠪᠢᠳᠡ ᠬᠠᠭᠠᠴᠠᠭᠤᠯᠬᠤ ᠶᠢ | ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠮᠠᠨ ᠤ ᠤᠯᠤᠰ ᠤᠨ | ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠢ ᠡᠰᠡᠷᠭᠦᠴᠡᠬᠦ ᠡᠷᠡᠰ ᠵᠣᠷᠢᠭ ᠪᠠ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ ᠡᠬᠡ ᠣᠷᠣᠨ ᠤ | ᠪᠦᠷᠢᠨ ᠨᠢᠭᠡᠳᠦᠯ ᠢ ᠪᠡᠶᠡᠯᠡᠭᠦᠯᠬᠦ ᠪᠠᠶᠢᠯᠳᠤᠬᠤ ᠪᠣᠳᠣᠯᠭᠠ ᠶᠢᠨ ᠰᠠᠨᠠᠭᠠᠴᠢᠯᠠᠭᠠᠲᠤ ᠡᠷᠬᠡ ᠶᠢ ᠤᠯᠠᠮ ᠴᠢᠨᠠᠭᠰᠢᠳᠠ ᠡᠵᠡᠮᠰᠢᠵᠦ᠂ | ᠳᠡᠯᠡᠬᠡᠢ ᠨᠡᠶᠢᠲᠡ ᠶᠢᠨ ᠨᠢᠭᠡ ᠯᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ ᠪᠠᠶᠢᠷᠢᠰᠢᠯ ᠢ ᠤᠯᠠᠮ ᠴᠢᠨᠠᠭᠰᠢᠳᠠ | ᠪᠠᠲᠤᠳᠬᠠᠪᠠ᠃ ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨᠡ᠂ ᠢᠯᠠᠩᠭᠤᠶᠠ ᠭᠠᠳᠠᠭᠠᠳᠤ ᠶᠢᠨ | ᠬᠢᠬᠠᠯᠲᠠ᠂ ᠰᠢᠬᠠᠯᠲᠠ᠂ ᠪᠢᠲᠡᠭᠦᠮᠵᠢᠯᠡᠯᠲᠡ᠂ ᠲᠦᠢᠯ ᠤᠨ ᠶᠡᠭᠡ ᠳᠠᠷᠤᠯᠲᠠ ᠶᠢᠨ ᠡᠮᠦᠨᠡ᠂ ᠪᠢᠳᠡ ᠤᠯᠤᠰ ᠤᠨ ᠠᠰᠢᠭ | ᠲᠤᠰᠠ ᠶᠢ ᠴᠢᠬᠤᠯᠠᠴᠢᠯᠠᠨ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠪᠠᠶᠢᠯᠳᠤᠬᠤ ᠪᠣᠳᠣᠯᠭᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭᠠ ᠶᠢ ᠪᠠᠳᠠᠷᠠᠭᠤᠯᠵᠤ᠂ | ᠬᠦᠴᠦᠷᠬᠡᠭᠯᠡᠯ ᠠᠴᠠ ᠠᠶᠤᠬᠤ ᠦᠭᠡᠢ ᠡᠷᠡᠰ ᠪᠠᠲᠤ ᠵᠣᠷᠢᠭ ᠰᠠᠨᠠᠭᠠ ᠶᠢ ᠢᠯᠡᠷᠡᠭᠦᠯᠵᠦ᠂ ᠲᠡᠮᠡᠴᠡᠯ ᠤᠨ ᠳᠤᠮᠳᠠ ᠤᠯᠤᠰ ᠤᠨ | ᠨᠡᠷᠡ ᠬᠦᠨᠳᠦ ᠪᠠ ᠭᠤᠣᠯᠯᠠᠬᠤ ᠠᠰᠢᠭ ᠲᠤᠰᠠ ᠶᠢ ᠬᠠᠮᠠᠭᠠᠯᠠᠨ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠲᠠᠪᠤᠨ ᠵᠢᠯ ᠤᠨ ᠲᠤᠷᠰᠢ᠂ ᠮᠠᠨ ᠤ ᠨᠠᠮ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭᠠᠨ ᠳᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ | ᠠᠰᠠᠭᠤᠳᠠᠯ ᠢ ᠰᠢᠢᠳᠪᠦᠷᠢᠯᠡᠨ᠂ ᠠᠯᠤᠰ ᠭᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ | ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ | ᠠᠮᠵᠢᠯᠲᠠ ᠣᠯᠬᠤ ᠶᠢ ᠠᠬᠢᠭᠤᠯᠪᠠ᠃ | ᠨᠥᠬᠦᠳ ᠠ᠋︕ ᠠᠷᠪᠠᠨ ᠨᠠᠢᠮᠠᠳᠤᠭᠠᠷ ᠶᠡᠭᠡ ᠬᠤᠷᠠᠯ ᠬᠤᠷᠠᠯᠳᠤᠭᠠᠳ ᠤᠳᠤ ᠪᠤᠯᠳᠠᠯᠠ ᠠᠷᠪᠠᠨ ᠵᠢᠯ ᠪᠣᠯᠵᠤ | ᠪᠠᠶᠢᠨᠠ᠃ ᠠᠷᠪᠠᠨ ᠵᠢᠯ ᠤᠨ ᠲᠤᠷᠰᠢ᠂ ᠪᠢᠳᠡ ᠨᠠᠮ ᠪᠠ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ | ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠪᠡ᠄ | ᠨᠢᠭᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠠᠪᠴᠢᠷᠠᠪᠠ᠂ | ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨᠡ ᠴᠠᠭ ᠦᠶᠡ ᠳᠤ ᠣᠷᠣᠪᠠ᠂ ᠭᠤᠷᠪᠠ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯᠠ ᠪᠠᠷ ᠪᠡᠶᠡᠯᠡᠭᠦᠯᠬᠦ ᠲᠡᠦᠬᠡᠲᠦ | ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠪᠡ᠃ ᠡᠨᠡ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ | ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ | ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠪᠠᠰᠠ ᠴᠤ ᠳᠡᠯᠡᠬᠡᠢ ᠳ᠋ᠠᠬᠢᠨ ᠳᠤ ᠠᠯᠤᠰ ᠭᠡᠳᠦ ᠶᠢᠨ ᠨᠥᠯᠥᠭᠡ | ᠦᠵᠡᠭᠦᠯᠭᠦ ᠲᠡᠦᠬᠡᠲᠦ ᠴᠢᠨᠠᠷᠲᠠᠢ ᠢᠯᠠᠯᠲᠠ ᠮᠥᠨ᠃ | ᠠᠷᠪᠠᠨ ᠵᠢᠯ ᠤᠨ ᠡᠮᠦᠨᠡ᠂ ᠮᠠᠨ ᠤ ᠡᠮᠦᠨᠡ ᠲᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠰᠢᠨᠡ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ ᠣᠯᠵᠤ᠂ ᠪᠢᠳᠡᠨ ᠤ | ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ | ᠥᠭᠴᠦ᠂ ᠴᠢᠬᠤᠯᠠ ᠪᠠᠲᠤᠯᠠᠭᠠ ᠬᠠᠩᠭᠠᠭᠰᠠᠨ ᠪᠠᠶᠢᠨᠠ᠂ ᠡᠭᠦᠨ ᠤ ᠬᠠᠮᠲᠤ ᠠᠯᠢ ᠤᠯᠠᠨ ᠤᠷᠳᠤ ᠬᠤᠭᠤᠴᠠᠭᠠᠨ ᠳᠤ | ᠬᠤᠷᠠᠮᠳᠤᠭᠰᠠᠨ ᠵᠢᠴᠢ ᠰᠢᠨᠡ ᠪᠠᠷ ᠢᠯᠡᠷᠡᠭᠰᠡᠨ ᠲᠣᠪᠤᠶᠢᠮᠠ ᠵᠥᠷᠢᠴᠡᠯ ᠪᠠ ᠠᠰᠠᠭᠤᠳᠠᠯ ᠢ ᠲᠦᠷᠭᠡᠨ ᠰᠢᠢᠳᠪᠦᠷᠢᠯᠡᠬᠦ | ᠴᠢᠬᠤᠯᠠᠲᠠᠢ ᠪᠠᠶᠢᠵᠠᠢ᠃ ᠨᠠᠮ ᠤᠨ ᠳᠣᠲᠣᠭᠠᠳᠤ ᠳᠤ ᠨᠠᠮ ᠤᠨ ᠤᠳᠤᠷᠢᠳᠤᠯᠭᠠ ᠶᠢ ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ | ᠂ ᠠᠵᠢᠯᠯᠠᠭᠠ ᠶᠢᠨ ᠬᠦᠴᠦᠨ ᠮᠡᠬᠦᠰ ᠪᠠᠶᠢᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭᠠ ᠶᠢ | ᠨᠠᠶᠢᠳᠠᠪᠤᠷᠢᠵᠢᠭᠤᠯᠬᠤ ᠲᠠᠯᠠ ᠪᠠᠷ ᠪᠠᠯᠠᠷᠬᠠᠶᠢᠰᠢᠭᠰᠠᠨ᠂ ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ ᠪᠤᠰᠤ | ᠣᠷᠣᠰᠢᠵᠤ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠭᠤᠶᠢᠪᠢᠯᠵᠠᠵᠤ᠂ | ᠵᠠᠷᠢᠮ ᠭᠠᠵᠠᠷ ᠣᠷᠣᠨ ᠪᠠ ᠰᠠᠯᠠᠭᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ | ᠱᠠᠯᠢᠨ ᠪᠦᠷᠢᠯᠭᠡᠬᠦ ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ ᠣᠨᠴᠠ ᠡᠷᠬᠡ ᠶᠢᠨ ᠦᠵᠡᠯ ᠰᠠᠨᠠᠭᠠ ᠪᠠ | ᠣᠨᠴᠠ ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ ᠱᠠᠮᠰᠢᠨ ᠢᠯᠵᠠᠷᠠᠬᠤ ᠠᠰᠠᠭᠤᠳᠠᠯ | ᠬᠥᠮᠥᠰ ᠢ ᠰᠣᠴᠢᠭᠠᠮᠠ ᠬᠡᠮᠵᠢᠶᠡᠨ ᠳᠤ ᠭᠦᠷᠴᠡᠢ︔ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠳᠦᠷᠢᠮ ᠤᠨ ᠴᠢᠨᠠᠷᠲᠠᠢ | ᠵᠥᠷᠢᠴᠡᠯ ᠲᠣᠪᠤᠶᠢᠮᠠ ᠪᠠᠶᠢᠵᠤ᠂ ᠬᠥᠭᠵᠢᠯᠲᠡ ᠲᠡᠩᠴᠡᠭᠦᠷᠢ ᠦᠭᠡᠢ᠂ ᠵᠣᠬᠢᠴᠠᠩᠭᠤᠢ ᠪᠤᠰᠤ᠂ ᠦᠷᠭᠦᠯᠵᠢᠯᠡᠬᠦ ᠪᠤᠰᠤ ᠪᠠᠶᠢᠵᠤ | ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶᠡ ᠪᠡᠷᠬᠡ ᠪᠣᠯᠵᠤ᠂ ᠵᠠᠷᠢᠮ ᠭᠦᠨ ᠳᠠᠪᠬᠤᠷᠭᠠ ᠶᠢᠨ | ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠠ ᠠᠰᠢᠭ ᠲᠤᠰᠠ ᠶᠢᠨ ᠬᠠᠲᠠᠭᠤ ᠰᠠᠭᠠᠳ ᠡᠳᠦᠷ ᠢᠷᠡᠬᠦᠶᠡ ᠢᠯᠡᠷᠡᠵᠦ | ᠪᠠᠶᠢᠪᠠ︔ ᠵᠠᠷᠢᠮ ᠬᠥᠮᠥᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ | ᠪᠠᠶᠢᠭᠤᠯᠤᠯ ᠤᠨ ᠲᠤᠬᠠᠢ ᠢᠲᠡᠭᠡᠯ ᠮᠡᠬᠦᠰ᠂ ᠬᠠᠤᠯᠢ ᠪᠠᠶᠢᠲᠠᠯᠠ ᠵᠢᠷᠤᠮᠯᠠᠬᠤ ᠦᠭᠡᠢ᠂ ᠬᠠᠤᠯᠢ ᠶᠢ ᠴᠢᠩᠭᠠ ᠬᠡᠷᠡᠭᠵᠢᠭᠦᠯᠬᠦ | ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠶᠢᠪᠠ︔ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ | ᠵᠢᠷᠭᠠᠵᠤ ᠴᠡᠩᠬᠡᠬᠦ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠠ ᠲᠡᠦᠬᠡ ᠶᠢ ᠦᠭᠡᠶᠢᠰᠭᠡᠭᠦ ᠦᠵᠡᠯ ᠵᠡᠷᠭᠡ ᠪᠤᠷᠤᠭᠤ | ᠦᠵᠡᠯ ᠰᠠᠨᠠᠭᠠᠨ ᠤ ᠤᠷᠤᠰᠬᠠᠯ ᠪᠠᠶᠢᠨ ᠪᠠᠶᠢᠨ ᠭᠠᠷᠴᠤ᠂ ᠰᠦᠯᠵᠢᠶᠡᠨ ᠤ ᠶᠠᠷᠢᠶᠠ ᠬᠡᠯᠡᠯᠴᠡᠭᠡ ᠳᠤ ᠰᠠᠮᠠᠭᠤᠨ ᠦᠵᠡᠭᠳᠡᠯ | ᠣᠯᠠᠰᠢᠷᠠᠵᠤ᠂ ᠬᠥᠮᠥᠰ ᠤᠨ ᠦᠵᠡᠯ ᠰᠠᠨᠠᠭᠠ ᠪᠠ ᠨᠡᠶᠢᠭᠡᠮ ᠤᠨ ᠶᠠᠷᠢᠶᠠ ᠬᠡᠯᠡᠯᠴᠡᠭᠡᠨ ᠤ ᠣᠷᠴᠢᠨ ᠢ ᠬᠦᠨᠳᠦ ᠨᠣᠴᠢᠲᠠᠢ | ᠨᠥᠯᠥᠭᠡᠯᠡᠵᠦ ᠪᠠᠶᠢᠪᠠ︔ ᠠᠷᠠᠳ ᠤᠨ ᠠᠮᠢᠳᠤᠷᠠᠯ ᠤᠨ ᠪᠠᠲᠤᠯᠠᠭᠠ ᠳᠤ ᠴᠥᠭᠡᠨ ᠪᠤᠰᠤ ᠪᠠᠭᠤᠷᠠᠢ ᠭᠤᠭᠴᠤᠭᠠ ᠣᠷᠣᠰᠢᠵᠤ | ᠪᠠᠶᠢᠪᠠ︔ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ | ᠠᠰᠠᠭᠤᠳᠠᠯ ᠲᠣᠪᠤᠶᠢᠮᠠ ᠪᠠᠶᠢᠪᠠ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ ᠲᠡᠭᠦᠯᠳᠡᠷᠵᠢᠭᠡᠳᠦᠢ᠂ ᠡᠯᠡ | ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠴᠢᠩᠭᠠ ᠪᠢᠰᠢ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯᠠ | ᠣᠷᠣᠰᠢᠵᠤ ᠪᠠᠶᠢᠪᠠ︔ ᠰᠢᠶᠠᠩᠭᠠᠩ᠂ ᠣᠣᠮᠧᠨ ᠤ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ | ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠨᠢ ᠪᠦᠷᠢᠨ ᠲᠡᠭᠦᠯᠳᠡᠷ ᠪᠢᠰᠢ ᠪᠠᠶᠢᠪᠠ︔ ᠤᠯᠤᠰ ᠤᠨ ᠠᠮᠤᠷ ᠲᠦᠪᠰᠢᠨ | ᠬᠠᠲᠠᠭᠤ ᠴᠢᠩᠭᠠ ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ ᠮᠡᠲᠦ᠃ ᠲᠤᠬᠠᠢ ᠶᠢᠨ ᠦᠶᠡ ᠳᠤ᠂ ᠨᠠᠮ ᠤᠨ | ᠳᠣᠲᠣᠭᠠᠳᠤ ᠪᠠ ᠨᠡᠶᠢᠭᠡᠮ ᠳᠡᠭᠡᠷᠡᠬᠢ ᠴᠥᠭᠡᠨ ᠪᠤᠰᠤ ᠬᠥᠮᠥᠰ ᠨᠠᠮ ᠪᠠ ᠤᠯᠤᠰ ᠤᠨ ᠢᠷᠡᠭᠡᠳᠦᠢ ᠳᠤ ᠶᠡᠬᠡᠳᠡ ᠰᠡᠳᠬᠢᠯ | ᠵᠣᠪᠠᠨᠢᠵᠤ ᠪᠠᠶᠢᠪᠠ᠃ ᠨᠠᠮ ᠤᠨ ᠤᠷᠳᠤ ᠬᠤᠭᠤᠴᠠᠭᠠ ᠪᠠᠷ ᠲᠦᠷᠦ ᠪᠠᠷᠢᠬᠤ᠂ ᠤᠯᠤᠰ ᠣᠷᠣᠨ ᠤ ᠥᠨᠢ ᠤᠳᠠᠭᠠᠨ ᠠᠮᠤᠷ | ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠨᠥᠯᠥᠭᠡᠯᠡᠬᠦ ᠡᠳᠡᠭᠡᠷ ᠲᠣᠪᠤᠶᠢᠮᠠ ᠵᠥᠷᠢᠴᠡᠯ | ᠪᠠ ᠠᠰᠠᠭᠤᠳᠠᠯ ᠤᠨ ᠡᠮᠦᠨᠡ᠂ ᠨᠠᠮ ᠤᠨ ᠲᠥᠪ ᠬᠤᠷᠢᠶᠠ ᠴᠠᠭ ᠢ ᠦᠵᠡᠨ ᠪᠠᠶᠢᠳᠠᠯ ᠢ ᠰᠢᠨᠵᠢᠵᠦ᠂ ᠡᠷᠡᠰ ᠰᠢᠭᠤᠷᠬᠠᠢ ᠪᠠᠷ | ᠰᠣᠩᠭᠤᠯᠲᠠ ᠬᠢᠵᠦ᠂ ᠡᠷᠡᠰ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ | ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ ᠡᠷᠡᠰ ᠰᠢᠭᠤᠷᠬᠠᠢ ᠪᠠᠷ ᠮᠠᠰᠢ | ᠤᠯᠠᠨ ᠰᠢᠨᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠳᠠᠭᠤᠯᠪᠠ᠃ | ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭᠠ᠂ ᠳ᠋ᠧᠩ | ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠ ᠶᠢ ᠪᠦᠭᠦ ᠲᠠᠯᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠱᠤᠭᠤᠮ᠂ ᠦᠨᠳᠦᠰᠦᠨ | ᠠᠷᠭᠠ ᠪᠣᠳᠣᠯᠭᠠ ᠶᠢ ᠪᠦᠭᠦ ᠲᠠᠯᠠ ᠪᠠᠷ ᠲᠤᠭᠤᠰᠢᠯᠠᠭᠤᠯᠵᠤ᠂ ᠠᠯᠢ ᠣᠯᠠᠨ ᠪᠠᠶᠢᠯᠳᠤᠬᠤ ᠪᠣᠳᠣᠯᠭᠠ ᠶᠢᠨ ᠴᠢᠨᠠᠷᠲᠠᠢ ᠠᠷᠭᠠ | ᠬᠡᠮᠵᠢᠶᠡ ᠠᠪᠴᠤ᠂ ᠠᠯᠢ ᠣᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠣᠯᠠᠨ | ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠣᠯᠠᠨ ᠪᠡᠯᠭᠡ ᠲᠡᠮᠳᠡᠭ ᠤᠨ ᠴᠢᠨᠠᠷᠲᠠᠢ ᠦᠷᠡ ᠪᠦᠲᠦᠭᠡᠯ | ᠣᠯᠵᠤ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯᠠ ᠠᠴᠠ | ᠢᠷᠡᠭᠰᠡᠨ ᠠᠶᠤᠯ ᠲᠦᠭᠰᠢᠭᠦᠷᠢ ᠥᠷᠢᠰᠦᠯᠳᠦᠭᠡᠨ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ | ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠰᠢᠨᠡ ᠠᠶᠠᠨ ᠳᠤ ᠮᠣᠷᠳᠠᠬᠤ ᠶᠢ | ᠠᠬᠢᠭᠤᠯᠪᠠ᠃ | — ᠪᠢᠳᠡ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ | ᠠᠷᠭᠠ ᠪᠣᠳᠣᠯᠭᠠ ᠶᠢ ᠲᠣᠳᠣᠷᠬᠠᠶᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ ᠤᠯᠠᠨ ᠰᠢᠨᠡ ᠣᠶᠢᠯᠠᠭᠠᠭᠳᠠᠬᠤᠨ | ᠰᠢᠨᠡ ᠦᠵᠡᠯ ᠰᠠᠨᠠᠭᠠ ᠰᠢᠨᠡ ᠪᠠᠶᠢᠯᠳᠤᠬᠤ ᠪᠣᠳᠣᠯᠭᠠ ᠶᠢ ᠳᠤᠷᠠᠳᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠰᠢᠨᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ ᠰᠢᠨᠡ ᠶᠢ ᠡᠭᠦᠳᠭᠦ ᠤᠨᠤᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ᠰᠢᠨᠡ ᠴᠠᠭ ᠦᠶᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ | ᠵᠢᠷᠤᠮᠯᠠᠯ ᠬᠠᠩᠭᠠᠪᠠ᠃ | — ᠪᠢᠳᠡ ᠨᠠᠮ ᠤᠨ ᠤᠳᠤᠷᠢᠳᠤᠯᠭᠠ ᠶᠢ ᠪᠦᠭᠦ ᠲᠠᠯᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭᠠ ᠮᠥᠨ᠂ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠨᠠᠮ ᠤᠨ | ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ | ᠲᠦᠷᠦ ᠶᠢᠨ ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ | ᠰᠢᠰᠲ᠋ᠧᠮ ᠲᠠᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ᠤᠬᠠᠮᠰᠠᠷ ᠠᠴᠠ ᠪᠠᠨ ᠦᠵᠡᠯ ᠰᠠᠨᠠᠭᠠ ᠤᠯᠤᠰ ᠲᠥᠷᠥ ᠦᠢᠯᠡ ᠠᠵᠢᠯᠯᠠᠭᠠ ᠶᠢᠨ ᠲᠠᠯᠠ ᠪᠠᠷ ᠨᠠᠮ ᠤᠨ ᠲᠥᠪ ᠬᠤᠷᠢᠶᠠ ᠲᠠᠢ | ᠳᠡᠭᠡᠳᠦ ᠬᠡᠮᠵᠢᠶᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ | ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭᠠ ᠶᠢ ᠦᠨᠡᠨ ᠬᠦ ᠪᠠᠲᠤᠯᠠᠵᠤ᠂ | ᠨᠠᠮ ᠤᠨ ᠪᠦᠭᠦ ᠲᠠᠯᠠ ᠶᠢ ᠡᠵᠡᠮᠳᠡᠬᠦ᠂ ᠡᠯᠡ ᠲᠠᠯᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠶᠢᠰᠦᠨ ᠮᠢᠩᠭᠠ ᠵᠢᠷᠭᠤᠭᠠᠨ ᠵᠠᠭᠤ ᠭᠠᠷᠤᠢ ᠲᠦᠮᠡᠨ ᠨᠠᠮ ᠤᠨ ᠭᠡᠰᠢᠭᠦᠨ ᠲᠠᠢ | ᠮᠠᠨ ᠤ ᠡᠨᠡ ᠬᠦ ᠮᠠᠷᠺᠰ ᠤᠨ ᠦᠵᠡᠯ ᠤᠨ ᠲᠦᠷᠤ ᠶᠢᠨ ᠨᠠᠮ ᠨᠡᠩ ᠢᠯᠡᠭᠦᠦ ᠪᠦᠯᠬᠦᠮᠳᠡᠨ ᠨᠢᠭᠡᠳᠪᠡ᠃ | — ᠪᠢᠳᠡ ᠰᠢᠨᠡ ᠴᠠᠭ ᠦᠶᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ | ᠤᠬᠠᠭᠠᠨᠴᠢ ᠪᠦᠷᠢᠨ ᠲᠡᠭᠦᠯᠳᠡᠷ ᠪᠠᠶᠢᠯᠳᠤᠬᠤ ᠪᠣᠳᠣᠯᠭᠠ ᠶᠢᠨ ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢ ᠳᠤᠷᠠᠳᠴᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ | ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ | ᠳᠥᠷᠪᠡᠨ ᠪᠦᠭᠦ ᠲᠠᠯᠠ︾ ᠶᠢᠨ ᠪᠠᠶᠢᠯᠳᠤᠬᠤ ᠪᠣᠳᠣᠯᠭᠠ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ | ᠲᠦᠮᠡᠨ ᠤ ᠡᠳᠦᠷ ᠢᠷᠡᠬᠦᠶᠡ ᠨᠡᠮᠡᠭᠳᠡᠵᠦ ᠪᠠᠶᠢᠭᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ | ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠶᠢᠨ ᠬᠤᠭᠤᠷᠣᠨᠳᠣᠭᠢ ᠵᠥᠷᠢᠴᠡᠯ ᠮᠥᠨ ᠭᠡᠳᠡᠭ ᠢ ᠲᠣᠳᠣᠷᠬᠠᠶᠢᠯᠠᠭᠰᠠᠨ | ᠪᠥᠭᠡᠳ ᠡᠨᠡ ᠬᠦ ᠨᠡᠶᠢᠭᠡᠮ ᠤᠨ ᠭᠤᠣᠯ ᠵᠥᠷᠢᠴᠡᠯ ᠲᠠᠢ ᠨᠢᠭᠲᠠ ᠤᠶᠠᠯᠳᠤᠭᠤᠯᠤᠨ ᠡᠯᠡ ᠵᠦᠢᠯ ᠤᠨ ᠠᠵᠢᠯ ᠢᠶᠠᠨ | ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨᠡ ᠭᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ | ᠬᠥᠭᠵᠢᠭᠦᠯᠪᠡ᠃ | — ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠨᠡᠩ ᠥᠨᠳᠥᠷ | ᠲᠡᠦᠬᠡ ᠶᠢᠨ ᠭᠠᠷᠤᠭᠠ ᠳᠡᠭᠡᠷᠡ ᠵᠣᠭᠰᠣᠪᠠ᠃ ᠪᠢᠳᠡ ᠣᠨᠣᠴᠠᠲᠠᠢ ᠪᠠᠷ ᠶᠠᠳᠠᠭᠤ ᠶᠢ ᠲᠡᠳᠭᠦᠭᠦ᠂ ᠭᠠᠪᠰᠢᠭᠠᠢ ᠠᠩᠭᠢ | ᠪᠠᠶᠢᠯᠳᠤᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶᠡ ᠪᠠᠷ ᠬᠠᠮᠤᠭ ᠤᠨ ᠶᠡᠭᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠤᠨ | 832 ᠶᠠᠳᠠᠭᠤ ᠬᠦᠴᠢᠷᠳᠡᠯᠲᠡᠢ ᠰᠢᠶᠠᠨ ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠤ 1 | ᠳ᠋ᠦᠩᠰᠢᠭᠤᠷ ᠰᠢᠬᠠᠮ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ 960 ᠭᠠᠷᠤᠢ | ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ ᠲᠦᠢᠯ ᠤᠨ | ᠶᠠᠳᠠᠭᠤ ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | — ᠪᠢᠳᠡ ᠰᠢᠨᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ | ᠬᠠᠩᠭᠠᠯᠭᠠ ᠶᠢᠨ ᠲᠠᠯᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠡᠷᠡᠭᠵᠢᠭᠦᠯᠵᠦ᠂ ᠠᠯᠢ ᠤᠯᠠᠨ ᠪᠦᠭᠦ | ᠲᠠᠯᠠ ᠶᠢᠨ ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭᠠ ᠶᠢ | ᠲᠣᠭᠲᠠᠭᠠᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ ᠦᠰᠦᠷᠦᠯᠲᠡ | ᠳᠡᠭᠡᠭᠰᠢᠯᠡᠯᠲᠡ ᠶᠢ ᠪᠡᠶᠡᠯᠡᠭᠦᠯᠪᠡ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 54 ᠲᠦᠮᠡᠨ | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ | ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠬᠤᠪᠢ ᠶᠢᠨ ᠵᠢᠩ | 18.5% ᠳᠤ ᠬᠦᠷᠴᠦ᠂ ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ᠂ ᠳᠡᠯᠡᠬᠡᠢ ᠶᠢᠨ ᠬᠤᠶᠠᠳᠤᠭᠠᠷ ᠲᠤ | ᠪᠠᠲᠤᠲᠠᠢ ᠣᠷᠣᠪᠠ︔ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ | 39800 ᠲᠥᠭᠦᠷᠢᠭ ᠪᠠᠶᠢᠭᠰᠠᠨ ᠠᠴᠠ ᠪᠠᠨ 81000 ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠤᠨ | ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ | ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠦᠲᠦᠮᠵᠢᠲᠡᠢ ᠪᠠᠲᠤᠯᠠᠭᠠ ᠲᠠᠢ ᠪᠣᠯᠪᠠ᠃ ᠬᠤᠲᠠ | ᠪᠠᠯᠭᠠᠰᠤᠵᠢᠯᠲᠠ ᠶᠢᠨ ᠨᠤᠷᠮᠠ ᠵᠠᠭᠤᠨ ᠤ ᠬᠠᠷᠢᠴᠠᠯ ᠢᠶᠠᠷ 11.6 ᠬᠤᠪᠢ ᠳᠡᠭᠡᠭᠰᠢᠯᠡᠵᠦ᠂ 64.7% ᠳᠤ ᠭᠦᠷᠪᠡ᠃ | ᠦᠢᠯᠡᠳᠭᠦ ᠦᠢᠯᠡᠰ ᠤᠨ ᠬᠡᠪᠴᠢᠶᠡ᠂ ᠭᠠᠳᠠᠭᠠᠳᠤ ᠭᠤᠪᠢᠭᠤᠯᠭᠠ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠲᠤ ᠪᠠᠲᠤᠲᠠᠢ | ᠣᠷᠣᠪᠠ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ | ᠲᠣᠣᠷ᠂ ᠨᠢᠰᠬᠡᠯ ᠤᠨ ᠪᠠᠭᠤᠳᠠᠯ ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠪᠢᠳᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯᠠ ᠪᠠᠷ ᠪᠡᠶᠡ ᠪᠠᠨ ᠳᠠᠭᠠᠭᠠᠵᠤ ᠬᠦᠴᠦᠷᠬᠡᠭᠵᠢᠬᠦ ᠶᠢ ᠱᠠᠯᠠᠪᠳᠠᠭᠤᠯᠤᠨ ᠠᠬᠢᠭᠤᠯᠵᠤ᠂ | ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭᠠ ᠶᠢ 1 ᠲᠦᠮᠡᠨ ᠳ᠋ᠦᠩᠰᠢᠭᠤᠷ ᠲᠥᠭᠦᠷᠢᠭ | ᠪᠠᠶᠢᠭᠰᠠᠨ ᠠᠴᠠ 28000 ᠳ᠋ᠦᠩᠰᠢᠭᠤᠷ ᠲᠥᠭᠦᠷᠢᠭ ᠪᠤᠯᠲᠠᠯᠠ ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ ᠣᠷᠣᠵᠤ | ᠂ ᠰᠤᠳᠤᠯᠤᠨ ᠨᠡᠭᠡᠭᠡᠬᠦ ᠠᠵᠢᠯᠲᠠᠨ ᠤ ᠶᠡᠷᠦᠩᠬᠡᠢ ᠬᠡᠮᠵᠢᠶᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ ᠰᠠᠭᠤᠷᠢ ᠰᠤᠳᠤᠯᠭᠠᠨ | ᠪᠠ ᠤᠤᠭᠠᠯ ᠰᠢᠨᠡ ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ ᠵᠠᠩᠭᠢᠯᠠᠭᠠ ᠶᠢᠨ ᠭᠤᠣᠯᠯᠠᠬᠤ ᠮᠡᠷᠭᠡᠵᠢᠯ ᠤᠨ | ᠲᠠᠯᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭᠠ ᠶᠢᠨ ᠴᠢᠨᠠᠷᠲᠠᠢ ᠰᠢᠨᠡ ᠪᠠᠷ ᠬᠥᠭᠵᠢᠭᠰᠡᠨ ᠠᠵᠤ ᠦᠢᠯᠡᠰ | ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ᠂ | ᠭᠦᠨ ᠲᠠᠯᠠᠢ ᠭᠦᠨ ᠭᠠᠵᠠᠷ ᠢ ᠬᠠᠶᠢᠨ ᠭᠡᠮᠵᠢᠭᠦ᠂ ᠲᠡᠰ ᠠᠴᠠ ᠳᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ ᠤ ᠠᠶᠠᠯᠠᠯ | ᠵᠠᠯᠠᠭᠤᠷ᠂ ᠺᠸᠠᠨ᠋ᠲ ᠮᠡᠳᠡᠭᠡ ᠵᠠᠩᠭᠢ᠂ ᠴᠥᠮᠡ ᠶᠢᠨ ᠴᠠᠭᠢᠯᠭᠠᠨ ᠤ ᠮᠡᠷᠭᠡᠵᠢᠯ᠂ ᠰᠢᠨᠡ ᠡᠨᠧᠷᠭᠢ ᠶᠢᠨ ᠮᠡᠷᠭᠡᠵᠢᠯ᠂ ᠲᠣᠮᠣ | ᠨᠢᠰᠬᠡᠯ ᠦᠢᠯᠡᠳᠭᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠯᠠ ᠪᠠᠷ ᠴᠢᠬᠤᠯᠠ ᠶᠡᠭᠡ ᠦᠷᠡ ᠪᠦᠲᠦᠭᠡᠯ ᠣᠯᠵᠤ᠂ | ᠰᠢᠨᠡ ᠶᠢ ᠡᠭᠦᠳᠭᠦ ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃ | — ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯᠠ ᠪᠠᠷ | ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ ᠥᠭᠡᠷᠡᠴᠢᠯᠡᠯᠲᠡ ᠶᠢᠨ | ᠦᠵᠦ ᠲᠥᠯᠥᠪᠯᠡᠭᠡ ᠶᠢ ᠴᠢᠩᠭᠠᠳᠬᠠᠵᠤ᠂ ᠲᠦᠭᠰᠢᠭᠦᠷᠢᠲᠤ ᠣᠷᠣᠨ ᠳᠤ ᠵᠣᠷᠢᠭᠲᠠᠢ ᠪᠠᠷ ᠰᠢᠪᠲᠤᠯᠤᠨ ᠣᠷᠣᠵᠤ᠂ | ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠠᠷᠲᠠᠭᠠᠲᠤ ᠭᠠᠵᠠᠷ ᠢ ᠲᠤᠭᠤᠯᠵᠤ᠂ ᠰᠢᠨᠡ | ᠵᠥᠷᠢᠴᠡᠯ ᠰᠢᠨᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ ᠰᠠᠨᠠᠭᠠ ᠣᠶᠢᠯᠠᠭᠠᠭᠳᠠᠬᠤᠨ ᠤ | ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠰᠢᠪᠲᠤᠯᠵᠤ᠂ ᠡᠯᠡ ᠲᠠᠯᠠ ᠶᠢᠨ | ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯᠡ ᠬᠦᠷᠢᠶᠡᠨ ᠤ ᠰᠠᠭᠤᠷᠢ ᠴᠢᠨᠠᠷᠲᠠᠢ ᠳᠦᠷᠢᠮ ᠤᠨ | ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ | ᠰᠢᠰᠲ᠋ᠧᠮᠲᠦ ᠳᠠᠭᠢᠨ ᠱᠤᠭᠤᠯᠲᠠ᠂ ᠪᠦᠬᠦᠯᠢ ᠴᠣᠭᠴᠠᠲᠤ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨᠡ ᠨᠢᠭᠡ | ᠡᠭᠡᠯᠵᠢ ᠶᠢᠨ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯᠠ ᠪᠠᠷ ᠪᠡᠶᠡᠯᠡᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠠᠩ ᠪᠣᠯᠪᠠᠰᠤᠷᠠᠩᠭᠤᠢ ᠨᠠᠩ ᠲᠥᠯᠥᠪᠰᠢᠵᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ | ᠳᠡᠭᠡᠭᠰᠢᠯᠡᠪᠡ᠃ | — ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭᠠ ᠶᠢ | ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ | ᠲᠣᠣᠷ ᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ | ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ ᠣᠯᠠᠨ ᠤᠯᠤᠰ ᠤᠨ ᠣᠯᠠᠨ ᠨᠡᠶᠢᠲᠡ ᠶᠢᠨ | ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ᠃ ᠮᠠᠨ ᠤ ᠤᠯᠤᠰ 140 ᠭᠠᠷᠤᠢ ᠤᠯᠤᠰ | ᠪᠠ ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ ᠪᠣᠯᠵᠤ᠂ ᠪᠠᠷᠠᠭᠠᠨ ᠤ ᠠᠷᠠᠯᠵᠢᠶᠠᠨ ᠤ ᠶᠡᠷᠦᠩᠬᠡᠢ ᠲᠤᠭᠠ | ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ | ᠲᠠᠯᠠ ᠪᠠᠷ ᠳᠡᠯᠡᠬᠡᠢ ᠶᠢᠨ ᠡᠮᠦᠨᠡ ᠡᠩᠨᠡᠭᠡᠨ ᠳᠤ ᠣᠷᠣᠵᠤ᠂ ᠨᠡᠩ ᠶᠡᠭᠡ ᠬᠡᠪᠴᠢᠶᠡ᠂ ᠨᠡᠩ ᠥᠷᠭᠡᠨ ᠬᠦᠷᠢᠶᠡ᠂ ᠨᠡᠩ ᠭᠦᠨ | ᠳᠠᠪᠬᠤᠷᠭᠠ ᠶᠢᠨ ᠭᠠᠳᠠᠭᠠᠳᠤ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ ᠲᠠᠯᠠ ᠪᠠᠷ ᠬᠥᠭᠵᠢᠭᠦᠯᠦᠨ᠂ | ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ | ᠪᠦᠭᠦ ᠲᠠᠯᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ | ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠨᠡᠩ ᠯᠠᠪᠳᠠᠭᠤᠨ ᠪᠠᠲᠤᠲᠠᠢ ᠪᠤᠯᠭᠠᠵᠤ᠂ ᠦᠨᠳᠦᠰᠦᠨ ᠱᠠᠲᠤᠨ ᠤ | ᠠᠷᠠᠳᠴᠢᠯᠠᠯ ᠤᠨ ᠠᠮᠢᠳᠤᠯᠢᠭ ᠬᠦᠴᠦᠨ ᠢ ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ | ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠢᠨᠡ ᠳᠦᠷᠰᠦ ᠪᠠᠶᠢᠳᠠᠯ ᠢᠯᠡᠷᠡᠨ᠂ | ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠪᠦᠭᠦ ᠲᠠᠯᠠ ᠪᠠᠷ ᠲᠤᠭᠤᠰᠢᠯᠠᠭᠳᠠᠵᠤ᠂ ᠬᠥᠮᠥᠨ ᠤ | ᠡᠷᠬᠡ ᠶᠢ ᠨᠡᠩ ᠰᠠᠶᠢᠨ ᠪᠠᠲᠤᠯᠠᠪᠠ᠃ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠪᠦᠭᠦ ᠲᠠᠯᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ | ᠪᠦᠷᠢᠯᠳᠦᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ | ᠪᠤᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠪᠠᠲᠤᠯᠠᠭᠠ ᠶᠢ ᠨᠡᠩ ᠪᠠᠲᠤ ᠪᠠᠬᠢ ᠪᠤᠯᠭᠠᠵᠤ᠂ | ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠰᠢᠨᠡ ᠪᠠᠶᠢᠳᠠᠯ ᠢ ᠡᠭᠦᠳᠪᠡ᠃ | — ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ ᠰᠢᠨᠡ ᠴᠠᠭ ᠦᠶᠡ ᠶᠢᠨ ᠨᠠᠮ ᠤᠨ ᠰᠢᠨᠡ ᠶᠢ | ᠡᠭᠦᠳᠦᠭᠰᠡᠨ ᠤᠨᠤᠯ ᠬᠥᠮᠥᠰ ᠤᠨ ᠰᠡᠳᠬᠢᠯ ᠳᠤ ᠬᠠᠳᠠᠩᠰᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ | ᠴᠢᠨᠠᠷᠲᠠᠢ ᠪᠠᠷ ᠤᠯᠠᠷᠢᠭᠤᠯᠤᠬᠲᠠᠵᠤ᠂ ᠰᠢᠨᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ ᠦᠢᠯᠡᠰ ᠡᠳᠦᠷ | ᠢᠷᠡᠬᠦᠶᠡ ᠴᠡᠴᠡᠭᠯᠡᠨ ᠬᠥᠭᠵᠢᠵᠦ᠂ ᠰᠦᠯᠵᠢᠶᠡᠨ ᠤ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠦᠵᠡᠯ ᠤᠬᠠᠮᠰᠠᠷ ᠤᠨ | ᠭᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠭᠦ ᠲᠠᠯᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃ | ᠪᠢᠳᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠣᠢ᠂ ᠥᠭᠡᠷᠡᠴᠢᠯᠡᠯᠲᠡ | ᠨᠡᠭᠡᠭᠡᠯᠲᠡ ᠬᠢᠭᠰᠡᠨ 40 ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ | ᠶᠠᠫᠤᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 ᠵᠢᠯ ᠤᠨ ᠣᠢ | ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ | ᠲᠤᠰᠠᠯᠠᠬᠤ ᠪᠠᠷ ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠳᠤᠷᠠᠰᠬᠠᠵᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠥ᠂ ᠵᠠᠯᠠᠭᠤ ᠨᠢᠭᠡ ᠦᠶᠡ ᠶᠢᠨ ᠬᠢᠨ ᠨᠡᠩ ᠢᠳᠡᠪᠬᠢᠲᠡᠢ | ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ | ᠢᠲᠡᠭᠡᠯ ᠢᠯᠡᠳᠲᠡ ᠴᠢᠩᠭᠠᠷᠠᠵᠤ᠂ ᠣᠶᠣᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠪᠠ᠃ | — ᠪᠢᠳᠡ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭᠠ ᠶᠢ ᠭᠦᠨᠵᠡᠭᠡᠢ | ᠲᠤᠭᠤᠰᠢᠯᠠᠭᠤᠯᠵᠤ᠂ ᠨᠢᠯᠬᠠ ᠪᠠᠶᠢᠬᠤ ᠳᠤᠨᠢ ᠠᠰᠠᠷᠠᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ | ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ | ᠲᠠᠯᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠪᠦᠭᠦ ᠲᠠᠯᠠ ᠪᠠᠷ ᠰᠠᠶᠢᠵᠢᠷᠠᠪᠠ᠃ ᠬᠥᠮᠥᠨ | ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.2 ᠨᠠᠰᠤ ᠪᠣᠯᠵᠤ ᠨᠡᠮᠡᠭᠳᠡᠪᠡ᠃ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭᠠ 16500 ᠲᠥᠭᠦᠷᠢᠭ ᠪᠠᠶᠢᠭᠰᠠᠨ ᠠᠴᠠ ᠪᠠᠨ 35100 ᠲᠥᠭᠦᠷᠢᠭ ᠪᠣᠯᠵᠤ | ᠨᠡᠮᠡᠭᠳᠡᠪᠡ᠃ ᠬᠤᠲᠠ ᠪᠠᠯᠭᠠᠰᠤᠨ ᠳᠤ ᠵᠢᠯ ᠳᠤᠮᠳᠠᠴᠢ ᠪᠠᠷ 1300 ᠲᠦᠮᠡ ᠭᠠᠷᠤᠢ ᠬᠥᠮᠥᠨ ᠳᠤ ᠰᠢᠨᠡ ᠪᠠᠷ ᠠᠵᠢᠯ | ᠣᠯᠭᠤᠪᠠ᠃ ᠳᠡᠯᠡᠬᠡᠢ ᠳᠡᠭᠡᠷᠡᠬᠢ ᠬᠡᠪᠴᠢᠶᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ | ᠪᠠᠲᠤᠯᠠᠭᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠢ | ᠲᠦᠭᠡᠮᠡᠯᠵᠢᠭᠦᠯᠦᠭᠰᠡᠨ ᠬᠢᠷᠢ ᠲᠦᠪᠰᠢᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ 10.4 ᠳ᠋ᠦᠩᠰᠢᠭᠤᠷ ᠬᠥᠮᠥᠨ ᠢ ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠰᠠᠨ ᠨᠤᠷᠮᠠ 95% ᠳᠤ ᠲᠣᠭᠲᠠᠪᠤᠷᠢᠵᠢᠪᠠ᠃ ᠦᠷᠡᠵᠢᠯ ᠤᠨ ᠲᠥᠷᠥ ᠶᠢᠨ ᠪᠣᠳᠣᠯᠭᠠ ᠶᠢ ᠴᠠᠭ ᠲᠤᠬᠠᠢ ᠳᠤᠨᠢ | ᠲᠣᠬᠢᠷᠠᠭᠤᠯᠪᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ ᠣᠷᠣᠨ | ᠰᠠᠭᠤᠴᠠ ᠶᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ | ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ ᠰᠦᠯᠵᠢᠶᠡᠨ ᠳᠤ ᠭᠠᠷᠤᠭᠰᠠᠨ ᠬᠥᠮᠥᠨ ᠤ ᠲᠤᠭᠠ 10.3 | ᠳ᠋ᠦᠩᠰᠢᠭᠤᠷ ᠲᠤ ᠬᠦᠷᠴᠡᠢ᠃ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠨᠡᠩ ᠭᠦᠢᠴᠡᠳ᠂ ᠨᠡᠩ ᠪᠠᠲᠤᠯᠠᠭᠠ ᠲᠠᠢ᠂ ᠨᠡᠩ ᠦᠷᠭᠦᠯᠵᠢᠯᠡᠬᠦ ᠪᠣᠯᠵᠤ᠂ ᠬᠠᠮᠲᠤ ᠪᠠᠷ | ᠪᠠᠶᠠᠵᠢᠬᠤ ᠲᠠᠯᠠ ᠪᠠᠷ ᠰᠢᠨᠡ ᠦᠷᠡ ᠪᠦᠲᠦᠮᠵᠢ ᠣᠯᠪᠠ᠃ | — ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠳᠤ | ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠦᠭᠡᠢ᠂ ᠡᠷᠭᠢᠯᠲᠡᠲᠦ | ᠂ ᠪᠠᠭᠠ ᠨᠡᠭᠦᠷᠡᠰᠦᠲᠥ᠋ᠷᠥᠭᠴᠢᠲᠦ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯᠠ ᠶᠢᠨ ᠴᠢᠨᠠᠷᠲᠠᠢ ᠬᠤᠪᠢᠷᠠᠯᠲᠠ | ᠭᠠᠷᠴᠤ᠂ ᠪᠢᠲᠡᠨ ᠤ ᠡᠬᠡ ᠤᠯᠤᠰ ᠤᠨ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ | ᠲᠤᠩᠭᠠᠯᠠᠭ ᠪᠣᠯᠵᠠᠢ᠃ | — ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ | ᠲᠦᠪᠰᠢᠨ ᠤ ᠤᠳᠤᠷᠢᠳᠬᠤ ᠪᠠᠶᠢᠭᠤᠯᠤᠯ ᠪᠠ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭᠠ ᠶᠢᠨ ᠰᠢᠰᠲ᠋ᠧᠮ᠂ | ᠲᠦᠷᠦ ᠶᠢᠨ ᠪᠣᠳᠣᠯᠭᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠵᠠᠷᠴᠢᠮ ᠤᠨ ᠠᠰᠠᠭᠤᠳᠠᠯ ᠳᠡᠭᠡᠷᠡ | ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭᠠ ᠵᠠᠩ ᠴᠢᠨᠠᠷ ᠢᠶᠠᠷ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠪᠦᠭᠦ | ᠲᠠᠯᠠ ᠪᠠᠷ ᠴᠢᠩᠭᠠᠳᠬᠠᠪᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ | ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ ᠦᠨᠳᠦᠰᠦᠲᠡᠨ ᠤ ᠬᠠᠭᠠᠴᠠᠭᠤᠯᠬᠤ ᠬᠦᠴᠦᠨ᠂ ᠱᠠᠰᠢᠨ | ᠰᠤᠷᠲᠠᠬᠤᠨ ᠤ ᠬᠡᠲᠦᠷᠡᠮᠡᠬᠡᠢ ᠬᠦᠴᠦᠨ᠂ ᠬᠦᠴᠦᠷᠬᠡᠭᠯᠡᠯ ᠰᠦᠷᠳᠡᠭᠦᠯᠦᠯ ᠤᠨ ᠬᠦᠴᠦᠨ ᠢ ᠪᠦᠲᠦᠮᠵᠢᠲᠡᠢ ᠬᠤᠷᠢᠭᠯᠠᠵᠤ᠂ | ᠬᠠᠷᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠦᠷᠡ ᠪᠦᠲᠦᠭᠡᠯ ᠣᠯᠵᠤ᠂ | ᠠᠯᠢ ᠤᠯᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠬᠦᠴᠦᠲᠡᠢ ᠠᠷᠭᠠᠴᠠᠭᠠᠵᠤ᠂ ᠠᠮᠤᠭᠤᠯᠠᠩᠲᠤ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠭᠦᠷᠪᠡ᠃ | — ᠪᠢᠳᠡ ᠨᠠᠮ ᠤᠨ ᠰᠢᠨᠡ ᠴᠠᠭ ᠦᠶᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠢᠨᠡ | ᠴᠠᠭ ᠦᠶᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠ ᠶᠢ ᠲᠤᠭᠤᠰᠢᠯᠠᠭᠤᠯᠵᠤ᠂ ᠰᠢᠨᠡ ᠴᠠᠭ | ᠦᠶᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠨᠠᠮ ᠤᠨ | ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭᠠ ᠶᠢ ᠪᠠᠷᠢᠮᠲᠠᠯᠠᠨ᠂ ᠭᠦ᠋ ᠲᠢᠶᠠᠨ ᠤ ᠪᠦᠭᠦ ᠴᠡᠷᠢᠭ ᠤᠨ | ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭᠠ ᠪᠠᠷ ᠤᠯᠤᠰ | ᠲᠥᠷᠥ ᠶᠢᠨ ᠴᠡᠭᠴᠡᠯᠡᠯᠲᠡ ᠶᠢ ᠠᠬᠢᠭᠤᠯᠵᠤ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ | ᠪᠠᠷᠢᠮᠵᠢᠶᠠ ᠶᠢ ᠪᠠᠲᠤ ᠪᠠᠬᠢ ᠪᠤᠢ ᠪᠤᠯᠭᠠᠵᠤ᠂ ᠪᠦᠭᠦ ᠴᠡᠷᠢᠭ ᠤᠨ ᠠᠵᠢᠯ ᠤᠨ ᠭᠤᠣᠯᠳᠠᠯᠭᠠ ᠶᠢ ᠳᠠᠶᠢᠨ ᠳᠤ ᠪᠡᠯᠡᠳᠬᠡᠨ | ᠪᠠᠶᠢᠯᠳᠤᠭᠠᠨ ᠬᠢᠬᠦ ᠳᠡᠭᠡᠷᠡ ᠡᠷᠡᠰ ᠲᠠᠯᠪᠢᠵᠤ᠂ ᠡᠯᠡ ᠴᠢᠭᠯᠡᠯ ᠡᠯᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ | ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ ᠴᠡᠷᠢᠭ ᠤᠨ ᠪᠣᠯᠪᠠᠰᠤᠷᠠᠯ ᠢ | ᠶᠡᠭᠡ ᠪᠠᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠡᠷᠡᠰ | ᠰᠢᠭᠤᠷᠬᠠᠢ ᠶᠡᠭᠡ ᠪᠠᠷ ᠭᠦᠨᠵᠡᠭᠡᠶᠢᠷᠡᠭᠦᠯᠵᠦ᠂ ᠠᠷᠠᠳ ᠤᠨ ᠴᠡᠷᠢᠭ ᠠᠩᠭᠢ ᠶᠢᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ | ᠤᠳᠤ ᠦᠶᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭᠠ | ᠳᠦᠷᠢᠮ ᠢ ᠳᠠᠭᠢᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠷᠢᠭ ᠤᠨ ᠠᠯᠪᠠ ᠬᠠᠭᠠᠵᠤ ᠪᠠᠶᠢᠭᠠ ᠬᠥᠮᠥᠨ ᠤ ᠲᠤᠭᠠ ᠶᠢ ᠭᠤᠴᠢᠨ | ᠲᠦᠮᠡ ᠬᠠᠰᠤᠬᠤ ᠶᠢ ᠢᠯᠠᠯᠲᠠ ᠲᠠᠢ ᠪᠠᠷ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠮᠵᠢ ᠨᠢ ᠰᠢᠨᠡ᠂ | ᠪᠦᠲᠦᠴᠡ ᠨᠢ ᠰᠢᠨᠡ᠂ ᠪᠠᠶᠢᠷᠢᠰᠢᠯ ᠨᠢ ᠰᠢᠨᠡ᠂ ᠳᠦᠷᠰᠦ ᠪᠠᠶᠢᠳᠠᠯ ᠨᠢ ᠴᠣ᠋ ᠰᠢᠨᠡ ᠪᠣᠯᠵᠤ᠂ ᠣᠳᠣᠬᠢᠴᠢᠯᠠᠯᠲᠠ ᠶᠢᠨ | ᠲᠦᠪᠰᠢᠨ ᠪᠠ ᠪᠣᠳᠠᠲᠤ ᠪᠠᠶᠢᠯᠳᠤᠭᠠᠨ ᠤ ᠴᠢᠳᠠᠪᠤᠷᠢ ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ | ᠴᠡᠷᠢᠭ ᠢ ᠬᠦᠴᠦᠷᠬᠡᠭᠵᠢᠭᠦᠯᠬᠦ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠪᠠ᠃ | — ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯᠠ ᠪᠠᠷ | ᠣᠨᠣᠪᠴᠢᠲᠠᠢ ᠠᠬᠢᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ | ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ | ᠣᠷᠣᠭᠰᠠᠨ ᠠᠴᠠ ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ ᠭᠦᠭᠵᠢᠭᠦ ᠰᠢᠨᠡ | ᠱᠠᠲᠤᠨ ᠳᠤ ᠣᠷᠣᠬᠤ ᠶᠢ ᠠᠬᠢᠭᠤᠯᠵᠤ᠂ ᠰᠢᠶᠠᠩᠭᠠᠩ᠂ ᠣᠣᠮᠧᠨ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ | ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨᠡ ᠴᠠᠭ ᠦᠶᠡ ᠳᠤ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ | ᠶᠡᠷᠦᠩᠬᠡᠢ ᠠᠷᠭᠠ ᠪᠣᠳᠣᠯᠭᠠ ᠶᠢ ᠳᠤᠷᠠᠳᠤᠨ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠯᠢᠯᠴᠠᠭᠠ | ᠬᠠᠮᠲᠤᠷᠠᠯᠴᠠᠭᠠ ᠶᠢ ᠠᠬᠢᠭᠤᠯᠤᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭᠠ ᠶᠢ ᠡᠷᠡᠰ | ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ ᠬᠤᠶᠠᠷ | ᠭᠦᠪᠡᠭᠡ ᠶᠢᠨ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠ ᠶᠢ ᠪᠦᠭᠦ | ᠲᠠᠯᠠ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ | ᠦᠵᠡᠯ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ | ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ | ᠪᠠᠯᠠᠮᠠᠳ ᠠᠵᠢᠯᠯᠠᠭᠠ ᠶᠢ ᠡᠷᠡᠰ ᠭᠤᠶᠢᠪᠢᠰᠢ ᠦᠭᠡᠢ ᠡᠰᠡᠷᠭᠦᠴᠡᠪᠡ᠃ ᠪᠢᠳᠠ ᠭᠠᠳᠠᠭᠠᠳᠤ ᠬᠠᠷᠢᠯᠴᠠᠭᠠᠨ ᠤ ᠶᠡᠷᠦᠩᠬᠡᠢ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠢ ᠪᠦᠷᠬᠦᠭᠰᠡᠨ ᠬᠠᠨᠢᠲᠠᠨ ᠤ ᠬᠠᠷᠢᠯᠴᠠᠭᠠ ᠶᠢᠨ ᠲᠣᠣᠷ ᠢ | ᠢᠳᠡᠪᠬᠢᠲᠡᠢ ᠪᠠᠶᠢᠭᠤᠯᠵᠤ᠂ ᠰᠢᠨᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭᠠ ᠶᠢ ᠪᠠᠶᠢᠭᠤᠯᠬᠤ ᠶᠢ ᠠᠬᠢᠭᠤᠯᠪᠠ᠃ | ᠪᠢᠳᠡ ᠬᠠᠷᠢᠭᠤᠴᠠᠯᠭᠠ ᠲᠠᠢ ᠲᠣᠮᠣ ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠨᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠣᠯᠠᠨ ᠤᠯᠤᠰ ᠤᠨ ᠬᠠᠮᠲᠤᠷᠠᠯᠴᠠᠭᠠ ᠶᠢ ᠪᠦᠭᠦ ᠲᠠᠯᠠ ᠪᠠᠷ ᠥᠷᠨᠢᠭᠦᠯᠵᠦ | ᠂ ᠳᠡᠯᠡᠬᠡᠢ ᠨᠡᠶᠢᠲᠡ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠮᠠᠨ ᠤ ᠤᠯᠤᠰ ᠤᠨ ᠳᠡᠯᠡᠬᠡᠢ ᠳᠡᠭᠡᠷᠡᠬᠢ | ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢᠯᠡᠳᠲᠡ ᠳᠡᠭᠡᠭᠰᠢᠯᠡᠪᠡ᠃ | — ᠪᠢᠳᠡ ᠪᠦᠭᠦ ᠲᠠᠯᠠ ᠪᠠᠷ ᠨᠠᠮ ᠢ ᠴᠢᠩᠭᠠ ᠵᠠᠰᠠᠬᠤ ᠶᠢ ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ | ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ | ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨᠡ ᠴᠠᠭ ᠦᠶᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭᠠ ᠶᠢ ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠦᠵᠡᠯ | ᠰᠠᠨᠠᠭᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠨ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ | ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨᠡ ᠴᠠᠭ ᠦᠶᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠳᠤᠷᠠᠳᠤᠨ ᠪᠠᠷᠢᠮᠲᠠᠯᠠᠵᠤ᠂ ᠤᠯᠤᠰ ᠲᠥᠷᠥ ᠶᠢᠨ ᠪᠠᠷᠢᠮᠵᠢᠶᠠ ᠪᠠᠷ ᠮᠡᠷᠭᠡᠳ ᠢ ᠰᠣᠩᠭᠤᠵᠤ ᠴᠢᠳᠠᠪᠤᠷᠢᠲᠠᠨ ᠢ ᠲᠣᠮᠢᠯᠠᠬᠤ ᠶᠢ | ᠳᠣᠪᠤᠶᠢᠯᠭᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠨᠡᠯᠢᠶᠡᠳ ᠪᠦᠷᠢᠨ ᠲᠡᠭᠦᠯᠳᠡᠷ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠦ᠂ ᠪᠦᠭᠦ ᠨᠠᠮ ᠤᠨ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭᠠ ᠪᠠᠲᠤ | ᠲᠣᠭᠲᠠᠭᠠᠯ ᠢ ᠴᠢᠩᠳᠠᠯᠠᠬᠤ ᠶᠢ ᠠᠬᠢᠭᠤᠯᠪᠠ᠃ ᠪᠢᠳᠡ ᠰᠤᠷᠲᠠᠯ ᠢ ᠴᠡᠭᠴᠡᠯᠡᠨ ᠰᠠᠬᠢᠯᠭᠠ ᠪᠠᠲᠤ ᠶᠢ ᠴᠢᠩᠳᠠᠯᠠᠬᠤ ᠶᠢ ᠢᠮᠠᠭᠲᠠ | ᠬᠤᠪᠢᠷᠠᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ | ᠵᠠᠰᠠᠵᠤ᠂ ᠣᠨᠴᠠ ᠡᠷᠬᠡ ᠶᠢᠨ ᠦᠵᠡᠯ ᠰᠠᠨᠠᠭᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠷᠳᠤ ᠬᠤᠭᠤᠴᠠᠭᠠ ᠪᠠᠷ | ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ | ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠪᠠ᠃ ᠪᠢᠳᠡ ᠤᠷᠢᠳ ᠡᠮᠦᠨᠡ ᠪᠠᠶᠢᠭᠠ ᠦᠭᠡᠢ | ᠢᠯᠵᠠᠷᠠᠯ ᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ︽ᠮᠢᠩᠭᠠ ᠲᠦᠮᠡᠨ ᠬᠥᠮᠥᠨ ᠲᠠᠢ ᠮᠠᠭᠤᠳᠠᠯᠴᠠᠭᠰᠠᠨ ᠴᠤ ᠠᠷᠪᠠᠨ | ᠲᠦᠷᠪᠡᠨ ᠳ᠋ᠦᠩᠰᠢᠭᠤᠷ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠡᠭᠦᠷᠭᠡ ᠬᠠᠷᠢᠭᠤᠴᠠᠯᠭᠠ ᠪᠠᠷ ᠠᠷᠬᠠᠭ ᠭᠡᠮ ᠢ | ᠠᠷᠢᠯᠭᠠᠨ ᠰᠠᠮᠠᠭᠤᠷᠠᠯ ᠢ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠪᠠᠷᠰ ᠢ ᠴᠣᠬᠢᠵᠤ︾᠂ ︽ᠢᠯᠠᠭᠠ ᠶᠢ ᠰᠠᠪᠠᠭ᠋ᠤ︾ | ᠂ ︽ᠦᠨᠡᠭᠡ ᠶᠢ ᠠᠩᠨᠠᠬᠤ︾ ᠶᠢ ᠵᠡᠷᠭᠡ ᠪᠠᠷ ᠶᠠᠪᠤᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ | ᠣᠯᠣᠭᠰᠠᠨ ᠪᠥᠭᠡᠳ ᠪᠦᠭᠦ ᠲᠠᠯᠠ ᠪᠠᠷ ᠪᠠᠬᠢᠵᠢᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ | ᠪᠠᠶᠢᠭᠠ ᠬᠦᠨᠳᠦ ᠨᠣᠴᠢᠲᠠᠢ ᠲᠠᠯᠳᠠ ᠭᠡᠮ ᠢ ᠠᠷᠢᠯᠭᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ | ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠴᠥᠬᠦᠷᠡᠰᠢ ᠦᠭᠡᠢ | ᠴᠢᠷᠮᠠᠶᠢᠯᠭᠠ ᠪᠠᠷ ᠲᠠᠮᠵᠢᠨ᠂ ᠨᠠᠮ ᠤᠨ ᠥᠪᠡᠷ ᠪᠡᠶᠡ ᠶᠢᠨ ᠬᠤᠪᠢᠰᠬᠠᠯ ᠡᠨᠡ ᠬᠦ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ | ᠲᠡᠦᠬᠡᠨ ᠦᠶᠡᠯᠡᠯ ᠠᠴᠠ ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ | ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ | ᠦᠨᠳᠦᠰᠦᠨ ᠠᠴᠠ ᠨᠢ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢ ᠠᠬᠤᠢ ᠶᠢ ᠲᠠᠰᠤᠷᠠᠯᠳᠠ ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ | ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ | ᠨᠠᠮ ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ | ᠣᠯᠣᠭᠰᠠᠨ ᠢ ᠭᠦᠢᠴᠡᠳ ᠨᠤᠲᠠᠯᠠᠬᠤ ᠶᠢᠨ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯᠠ | ᠣᠷᠣᠰᠢᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ | ᠬᠠᠷᠠᠬᠤ ᠬᠡᠷᠡᠭᠲᠡᠢ᠃ ᠡᠭᠦᠨ ᠳᠤ ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠠᠰᠠᠭᠤᠳᠠᠯ | ᠮᠥᠨ ᠲᠣᠪᠤᠶᠢᠮᠠ ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ ᠤᠯᠠᠨ ᠬᠠᠷᠰᠢ ᠰᠠᠭᠠᠳ | ᠬᠤᠷᠢᠭᠠ ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡ ᠶᠢ ᠡᠭᠦᠳᠭᠦ | ᠴᠢᠳᠠᠪᠤᠷᠢ ᠪᠠᠰᠠ ᠴᠢᠩᠭᠠ ᠪᠢᠰᠢ ᠪᠠᠶᠢᠨᠠ︔ ᠠᠮᠤ ᠪᠤᠳᠠᠭᠠ᠂ ᠡᠨᠧᠷᠭᠢ᠂ ᠠᠵᠤ ᠦᠢᠯᠡᠰ ᠤᠨ ᠬᠡᠯᠬᠢᠶᠡ ᠬᠠᠩᠭᠠᠯᠭᠠ ᠶᠢᠨ | ᠬᠡᠯᠬᠢᠶᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ ᠳᠤ ᠪᠠᠰᠠ ᠮᠠᠰᠢ ᠤᠯᠠᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨᠠ︔ | ᠭᠤᠣᠯᠳᠠᠯᠭᠠ ᠲᠠᠢ ᠬᠦᠷᠢᠶᠡᠨ ᠤ ᠥᠭᠡᠷᠡᠴᠢᠯᠡᠯᠲᠡ ᠳᠤ ᠪᠠᠰᠠ ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ | ᠴᠢᠬᠤᠯᠠᠲᠠᠢ ᠪᠠᠶᠢᠨᠠ︔ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ ᠥᠷᠢᠰᠦᠯᠳᠦᠭᠡᠨ ᠣᠷᠣᠰᠢᠵᠤ | ᠪᠠᠶᠢᠨᠠ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭᠠ ᠶᠢᠨ ᠬᠤᠪᠢᠶᠠᠷᠢᠯᠠᠯᠲᠠ ᠶᠢᠨ ᠵᠥᠷᠢᠶᠡ ᠮᠥᠨ | ᠯᠡ ᠨᠡᠯᠢᠶᠡᠳ ᠶᠡᠭᠡ ᠪᠠᠶᠢᠨᠠ︔ ᠣᠯᠠᠨ ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠶᠢᠳᠠᠨ | ᠪᠤᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠲᠠᠯᠠ ᠪᠠᠷ ᠴᠥᠭᠡᠨ ᠪᠤᠰᠤ ᠬᠦᠴᠢᠷ | ᠠᠰᠠᠭᠤᠳᠠᠯ ᠳᠤ ᠲᠤᠯᠭᠠᠷᠠᠵᠤ ᠪᠠᠶᠢᠨᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠮᠥᠨ ᠬᠦ | ᠬᠠᠲᠠᠭᠤ ᠪᠡᠷᠬᠡ ᠪᠠᠶᠢᠨᠠ︔ ᠵᠠᠷᠢᠮ ᠨᠠᠮ ᠤᠨ ᠭᠡᠰᠢᠭᠦᠨ᠂ ᠺᠠᠳ᠋ᠷ ᠬᠠᠷᠢᠭᠤᠴᠠᠯᠭᠠ ᠡᠭᠦᠷᠭᠡᠯᠡᠬᠦ ᠵᠣᠷᠢᠭ ᠰᠠᠨᠠᠭᠠ ᠪᠠᠷ ᠳᠤᠲᠠᠮᠠᠭ | ᠂ ᠲᠡᠮᠡᠴᠡᠯ ᠤᠨ ᠡᠷᠳᠡᠮ ᠴᠢᠳᠠᠪᠤᠷᠢ ᠴᠢᠩᠭᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭᠠ ᠪᠠᠷ ᠬᠦᠷᠦᠯᠴᠡᠬᠦ ᠦᠭᠡᠢ | ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠤᠶᠢᠮᠠ ᠪᠠᠶᠢᠨᠠ︔ | ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠶᠢᠬᠤ ᠵᠡᠷᠭᠡ᠃ | ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭᠠ ᠬᠡᠮᠵᠢᠶᠡ ᠠᠪᠴᠤ ᠰᠢᠢᠳᠪᠦᠷᠢᠯᠡᠭᠰᠡᠨ ᠪᠠᠶᠢᠨᠠ᠂ ᠬᠤᠶᠢᠰᠢᠳᠠ | ᠡᠷᠬᠡᠪᠰᠢ ᠠᠵᠢᠯ ᠤᠨ ᠡᠷᠴᠢᠮ ᠢᠶᠠᠨ ᠨᠡᠩ ᠴᠢᠩᠭᠠᠷᠠᠭᠤᠯᠬᠤ ᠬᠡᠷᠡᠭᠲᠡᠢ᠃ | ᠨᠥᠬᠦᠳ ᠠ᠋︕ ᠰᠢᠨᠡ ᠴᠠᠭ ᠦᠶᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠨᠠᠮ ᠪᠣᠯᠣᠨ ᠠᠷᠠᠳ | ᠲᠦᠮᠡᠨ ᠬᠠᠮᠲᠤ ᠪᠠᠷ ᠮᠡᠷᠡᠶᠢᠵᠦ ᠪᠠᠶᠢᠭᠠᠳ ᠣᠯᠣᠭᠰᠠᠨ ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ ᠲᠡᠮᠡᠴᠡᠵᠦ | ᠪᠠᠶᠢᠭᠠᠳ ᠣᠯᠣᠭᠰᠠᠨ ᠶᠤᠮ︕ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠡᠮᠦᠨᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯᠡ ᠠᠷᠠᠳᠴᠢᠯᠠᠭᠰᠠᠨ ᠨᠠᠮ ᠪᠦᠯᠦᠭ᠂ ᠡᠯᠡ ᠠᠷᠠᠳ ᠤᠨ ᠪᠦᠯᠭᠦᠮ ᠪᠠ | ᠡᠯᠡ ᠡᠲᠡᠭᠡᠳ ᠤᠨ ᠡᠬᠡ ᠣᠷᠣᠨᠴᠢ ᠬᠥᠮᠥᠰ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬᠠ ᠳᠡᠭᠦᠦ ᠨᠠᠷ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬᠠ ᠳᠡᠭᠦᠦ ᠨᠠᠷ ᠪᠠ ᠲᠠᠶᠢᠸᠠᠨ ᠤ ᠠᠬᠠ ᠳᠡᠭᠦᠦ ᠨᠠᠷ ᠵᠢᠴᠢ ᠥᠷᠭᠡᠨ | ᠤᠯᠠᠨ ᠬᠠᠷᠢᠶᠠᠲᠤ ᠠᠬᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠭᠰᠡᠨ ᠡᠯᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶᠡ︕ | ᠰᠢᠨᠡ ᠴᠠᠭ ᠦᠶᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ ᠲᠡᠦᠬᠡ᠂ ᠰᠢᠨᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ | ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ | ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯᠲᠤ | ᠴᠢᠨᠠᠷᠲᠠᠢ ᠳᠠᠪᠲᠠᠯᠲᠠ ᠶᠢᠨ ᠳᠤᠮᠳᠠ ᠨᠡᠩ ᠪᠠᠲᠤ ᠴᠢᠩᠭᠠ ᠬᠦᠴᠦᠨ ᠲᠠᠢ ᠪᠣᠯᠵᠤ᠂ ᠨᠠᠮ ᠤᠨ ᠤᠯᠤᠰ ᠲᠦᠷᠦ ᠶᠢᠨ | ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ | ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠵᠤ᠂ ᠨᠠᠮ ᠪᠣᠯᠣᠨ ᠠᠷᠠᠳ ᠲᠦᠮᠡᠨ | ᠴᠢᠰᠤ ᠮᠢᠬᠠᠨ ᠤ ᠪᠠᠷᠢᠯᠳᠤᠯᠭᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ | ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶᠡ ᠶᠢᠨ ᠡᠮᠦᠨᠡ ᠡᠩᠨᠡᠭᠡᠨ ᠳᠤ | ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯᠡ ᠵᠦᠢᠯ ᠤᠨ ᠠᠶᠤᠯ ᠲᠦᠭᠰᠢᠭᠦᠷᠢ ᠪᠣᠯᠣᠨ ᠰᠢᠯᠭᠠᠯᠲᠠ ᠶᠢ | ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠭᠦ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠪᠣᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ | ᠪᠠᠲᠤ ᠴᠢᠩᠭᠠ ᠤᠳᠤᠷᠢᠳᠬᠤ ᠭᠤᠣᠯᠯᠠᠭᠴᠢ ᠪᠣᠯᠪᠠ᠃ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ | ᠬᠦᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠵᠤ᠂ ᠲᠡᠮᠡᠴᠡᠯ ᠤᠨ ᠵᠣᠷᠢᠭ ᠰᠠᠨᠠᠭᠠ ᠨᠡᠩ ᠴᠤᠭ ᠪᠠᠳᠠᠷᠠᠩᠭᠤᠢ ᠪᠣᠯᠵᠤ᠂ | ᠯᠠᠪᠲᠠᠢ ᠢᠯᠠᠯᠲᠠ ᠣᠯᠬᠤ ᠢᠲᠡᠭᠡᠯ ᠵᠣᠷᠢᠭ ᠨᠡᠩ ᠪᠠᠲᠤ ᠴᠢᠩᠭᠠ ᠪᠣᠯᠵᠤ᠂ ᠨᠡᠩ ᠴᠢᠩᠭᠠ ᠲᠡᠦᠬᠡ ᠶᠢᠨ ᠤᠬᠠᠮᠰᠠᠷ ᠪᠣᠯᠣᠨ | ᠰᠠᠨᠠᠭᠠᠴᠢᠯᠠᠭᠠᠲᠤ ᠵᠣᠷᠢᠭ ᠰᠠᠨᠠᠭᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ᠂ ᠴᠢᠨᠡᠭᠡᠯᠢᠭᠵᠢᠭᠰᠡᠨ ᠠᠴᠠ | ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ ᠠᠬᠢᠭᠤᠯᠵᠤ ᠪᠠᠶᠢᠨᠠ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠭᠦᠨᠵᠡᠭᠡᠶᠢᠷᠡᠨ ᠠᠬᠢᠵᠤ᠂ | ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ ᠪᠠᠶᠢᠳᠠᠯ ᠭᠡᠬᠦ ᠬᠤᠶᠠᠷ | ᠶᠡᠭᠡ ᠭᠠᠶᠢᠬᠠᠮᠰᠢᠭ ᠤᠨ ᠰᠢᠨᠡ ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ ᠬᠥᠭᠵᠢᠯᠲᠡ ᠨᠡᠩ ᠪᠠᠲᠤ ᠪᠠᠬᠢ | ᠪᠣᠳᠠᠰ ᠤᠨ ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭᠠ ᠲᠠᠢ ᠪᠣᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ | ᠣᠷᠣᠪᠠ᠃ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠬᠤᠷᠢᠨ ᠨᠢᠭᠡᠳᠦᠭᠡᠷ ᠵᠠᠭᠤᠨ ᠤ ᠳᠤᠮᠳᠠᠳᠤ ᠤᠯᠤᠰ ᠲᠤ ᠴᠤᠭ | ᠪᠠᠳᠠᠷᠠᠩᠭᠤᠢ ᠰᠢᠨᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨᠡ ᠰᠣᠩᠭᠤᠯᠲᠠ ᠶᠢ ᠬᠠᠩᠭᠠᠵᠤ | ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠬᠥᠮᠥᠨ ᠲᠥᠷᠥᠯᠬᠢᠲᠡᠨ ᠳᠤ | ᠲᠤᠯᠭᠠᠷᠠᠵᠤ ᠪᠠᠶᠢᠭᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ | ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ᠂ ᠳᠤᠮᠳᠠᠳᠤ ᠤᠯᠤᠰ ᠤᠨ ᠬᠦᠴᠦᠨ ᠢ ᠬᠠᠩᠭᠠᠵᠤ᠂ ᠬᠥᠮᠥᠨ | ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ ᠨᠡᠩ ᠶᠡᠭᠡ ᠰᠢᠨᠡ ᠬᠤᠪᠢ ᠨᠡᠮᠡᠷᠢ | ᠦᠵᠡᠭᠦᠯᠪᠡ︕ | ᠬᠤᠶᠠᠷ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨᠡ ᠠᠬᠤᠢ ᠪᠠᠶᠢᠳᠠᠯ ᠢ ᠨᠡᠭᠡᠭᠡᠨᠡ | | ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ ᠤᠯᠤᠰ ᠢᠶᠠᠨ ᠪᠠᠶᠢᠭᠤᠯᠬᠤ᠂ ᠨᠠᠮ ᠢᠶᠠᠨ ᠮᠠᠨᠳᠤᠭᠤᠯᠵᠤ | ᠤᠯᠤᠰ ᠢᠶᠠᠨ ᠮᠠᠨᠳᠤᠭᠤᠯᠬᠤ ᠶᠢᠨ ᠦᠨᠳᠦᠰᠦᠨ ᠵᠢᠯᠤᠭᠤᠳᠬᠤ ᠦᠵᠡᠯ ᠰᠠᠨᠠᠭᠠ ᠮᠥᠨ᠃ ᠳᠤᠮᠳᠠᠳᠤ ᠤᠯᠤᠰ ᠤᠨ ᠡᠪ | ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ | ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠬᠤ᠂ ᠳᠤᠮᠳᠠᠳᠤ ᠤᠯᠤᠰᠴᠢᠯᠠᠭᠰᠠᠨ ᠴᠠᠭ | ᠦᠶᠡᠴᠢᠯᠡᠭᠰᠡᠨ ᠮᠠᠷᠺᠰ ᠤᠨ ᠦᠵᠡᠯ ᠰᠠᠶᠢᠨ ᠪᠠᠶᠢᠬᠤ ᠳᠤ ᠪᠤᠢ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠪᠡ᠃ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭᠠ ᠲᠠᠢ ᠪᠠᠶᠢᠬᠤ ᠪᠣᠯ ᠮᠠᠨ ᠤ ᠨᠠᠮ ᠤᠨ ᠢᠲᠡᠭᠡᠯ | ᠪᠢᠰᠢᠷᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠶᠢᠨ ᠦᠨᠳᠦᠰᠦ ᠪᠣᠯᠣᠨᠠ᠃ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠪᠣᠯ ᠦᠨᠡᠨ ᠶᠣᠰᠣ ᠶᠢ | ᠬᠥᠭᠡᠭᠡᠴᠡᠯᠳᠦᠬᠦ᠂ ᠦᠨᠡᠨ ᠶᠣᠰᠣ ᠶᠢ ᠢᠯᠡᠷᠡᠭᠦᠯᠭᠦ᠂ ᠦᠨᠡᠨ ᠶᠣᠰᠣ ᠶᠢ ᠪᠠᠲᠤᠲᠠᠢ ᠬᠡᠷᠡᠭᠵᠢᠭᠦᠯᠬᠦ ᠶᠠᠪᠤᠴᠠ ᠮᠥᠨ᠃ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨᠡ ᠬᠤᠪᠢᠷᠠᠯᠲᠠ | ᠪᠠ ᠦᠢᠯᠡᠳᠦᠯᠭᠡ ᠶᠢᠨ ᠰᠢᠨᠡ ᠱᠠᠭᠠᠷᠳᠠᠯᠭᠠ ᠨᠢ ᠪᠢᠳᠡᠨ ᠤ ᠤᠨᠤᠯ ᠪᠠ ᠦᠢᠯᠡᠳᠦᠯᠭᠡ ᠶᠢᠨ ᠤᠶᠠᠯᠳᠤᠯ ᠤᠨ ᠲᠠᠯᠠ ᠠᠴᠠ ᠨᠠᠮ | ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ ᠬᠤᠯᠪᠣᠭᠳᠠᠬᠤ | ᠠᠯᠢ ᠤᠯᠠᠨ ᠴᠢᠬᠤᠯᠠ ᠶᠡᠭᠡ ᠴᠠᠭ ᠦᠶᠡ ᠶᠢᠨ ᠰᠡᠳᠦᠪ ᠲᠤ ᠭᠦᠨᠵᠡᠭᠡᠢ ᠬᠠᠷᠢᠭᠤᠯᠲᠠ ᠥᠭᠬᠦ ᠶᠢ ᠲᠤᠯᠭᠠᠮ ᠱᠠᠭᠠᠷᠳᠠᠵᠤ | ᠪᠠᠶᠢᠨᠠ᠃ ᠮᠠᠨ ᠤ ᠨᠠᠮ ᠵᠣᠷᠢᠭᠲᠠᠢ ᠪᠠᠷ ᠤᠨᠤᠯ ᠤᠨ ᠰᠦᠪᠡᠭᠴᠢᠯᠡᠯᠲᠡ ᠪᠠ ᠰᠢᠨᠡ ᠡᠭᠦᠳᠦᠯᠲᠡ ᠬᠢᠵᠦ᠂ ᠴᠣ ᠰᠢᠨᠡ | ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮᠡ ᠶᠣᠰᠣ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠶᠢᠨ ᠵᠢᠮᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮᠡ ᠶᠣᠰᠣᠨ ᠤ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠵᠦ᠂ ᠴᠢᠬᠤᠯᠠ ᠶᠡᠭᠡ ᠤᠨᠤᠯ ᠤᠨ ᠰᠢᠨᠡ ᠡᠭᠦᠳᠦᠯᠲᠡ ᠶᠢᠨ ᠦᠷᠡ ᠪᠦᠲᠦᠭᠡᠯ ᠣᠯᠵᠤ᠂ | ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠ ᠪᠣᠯᠭᠠᠨ | ᠲᠥᠪᠯᠡᠷᠡᠩᠭᠦᠢ ᠢᠯᠡᠷᠡᠭᠦᠯᠪᠡ᠃ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ︽ᠠᠷᠪᠠ ᠶᠢ ᠲᠣᠳᠣᠷᠬᠠᠶᠢᠯᠠᠬᠤ︾᠂ ︽ᠠᠷᠪᠠᠨ | ᠳᠥᠷᠪᠡ ᠶᠢ ᠪᠠᠷᠢᠮᠲᠠᠯᠠᠬᠤ︾᠂ ︽ᠠᠷᠪᠠᠨ ᠭᠤᠷᠪᠠᠨ ᠲᠠᠯᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ | ᠭᠤᠣᠯ ᠠᠭᠤᠯᠭᠠ ᠶᠢ ᠬᠤᠷᠢᠶᠠᠩᠭᠤᠶᠢᠯᠠᠪᠠ᠂ ᠡᠷᠬᠡᠪᠰᠢ ᠣᠷᠳᠣ ᠬᠤᠭᠤᠴᠠᠭᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ | ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠵᠦᠪᠭᠡᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠬᠤᠪᠢᠰᠤᠩᠭᠤᠢ ᠪᠣᠳᠠᠰᠴᠢ | ᠦᠵᠡᠯ ᠪᠠ ᠲᠡᠦᠬᠡ ᠶᠢᠨ ᠪᠣᠳᠠᠰᠴᠢ ᠦᠵᠡᠯ ᠢ ᠬᠡᠷᠡᠭᠯᠡᠬᠦ ᠶᠢ ᠪᠠᠷᠢᠮᠲᠠᠯᠠᠪᠠᠯ ᠰᠠᠶ᠋ᠢ ᠴᠠᠭ ᠦᠶᠡ ᠪᠠ ᠦᠢᠯᠡᠳᠦᠯᠭᠡ ᠶᠢᠨ | ᠳᠤᠷᠠᠳᠤᠭᠰᠠᠨ ᠴᠢᠬᠤᠯᠠ ᠶᠡᠭᠡ ᠠᠰᠠᠭᠤᠯᠳᠠ ᠳᠤ ᠵᠥᠪ ᠬᠠᠷᠢᠭᠤᠯᠲᠠ ᠥᠭᠴᠦ᠂ ᠰᠠᠶ᠋ᠢ ᠮᠠᠷᠺᠰ ᠤᠨ ᠦᠵᠡᠯ ᠤᠨ ᠴᠤᠭ | ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠳᠤ ᠰᠣᠷᠭᠤᠭ ᠬᠦᠴᠦᠨ ᠢ ᠢᠮᠠᠭᠲᠠ ᠪᠠᠲᠤᠯᠠᠵᠤ | ᠴᠢᠳᠠᠨᠠ ᠭᠡᠳᠡᠭ ᠢ ᠳᠤᠮᠳᠠᠳᠤ ᠤᠯᠤᠰ ᠤᠨ ᠡᠪ ᠬᠠᠮᠲᠤᠴᠤᠳ ᠭᠦᠨᠵᠡᠭᠡᠢ ᠲᠠᠨᠢᠵᠤ ᠣᠯᠣᠭᠰᠠᠨ ᠪᠠᠶᠢᠨᠠ᠃ ᠮᠠᠷᠺᠰ ᠤᠨ | ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ | ᠬᠡᠷᠡᠭᠲᠡᠢ᠃ ᠪᠢᠳᠡ ᠮᠠᠷᠺᠰ ᠤᠨ ᠦᠵᠡᠯ ᠢᠶᠠᠷ ᠵᠢᠯᠣᠭᠤᠳᠤᠯᠭᠠ ᠪᠤᠯᠭᠠᠬᠤ ᠶᠢ ᠪᠠᠷᠢᠮᠲᠠᠯᠠᠵᠤ ᠪᠠᠶᠢᠭᠠ ᠨᠢ ᠲᠡᠭᠦᠨ ᠤ ᠰᠢᠨᠵᠢᠯᠡᠬᠦ | ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭᠠ ᠶᠢᠨ ᠤᠨᠤᠯ ᠢᠶᠠᠷ ᠳᠤᠮᠳᠠᠳᠤ ᠤᠯᠤᠰ ᠤᠨ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ ᠶᠤᠮ᠂ ᠬᠠᠷᠢᠨ ᠲᠡᠭᠦᠨ ᠤ ᠪᠣᠳᠠᠲᠠᠢ ᠳ᠋ᠦᠩᠨᠡᠯᠲᠡ ᠪᠠ ᠦᠭᠡ ᠥᠭᠦᠯᠡᠪᠦᠷᠢ ᠶᠢ ᠴᠡᠭᠡᠵᠢᠯᠡᠬᠦ | ᠪᠠ ᠳᠠᠪᠲᠠᠬᠤ ᠶᠢᠨ ᠲᠥᠯᠥᠭᠡ ᠪᠢᠰᠢ᠂ ᠨᠡᠩ ᠴᠤ ᠮᠠᠷᠺᠰ ᠤᠨ ᠦᠵᠡᠯ ᠢ ᠬᠡᠵᠢᠶᠡᠳᠡ ᠬᠤᠪᠢᠷᠠᠰᠢ ᠦᠭᠡᠢ ᠨᠣᠮᠯᠠᠯ ᠪᠤᠯᠭᠠᠵᠤ | ᠪᠤᠯᠬᠤ ᠦᠭᠡᠢ᠃ ᠪᠢᠳᠡ ᠡᠷᠬᠡᠪᠰᠢ ᠦᠵᠡᠯ ᠰᠠᠨᠠᠭᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶᠡ ᠲᠠᠢ | ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠠᠯᠢᠪᠠ ᠪᠦᠭᠦᠨ ᠳᠤ | ᠪᠣᠳᠠᠲᠠᠢ ᠠᠴᠠ ᠡᠭᠦᠰᠴᠦ᠂ ᠰᠢᠨᠡ ᠴᠠᠭ ᠦᠶᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠳᠤᠮᠳᠠᠳᠤ | ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶᠡ ᠶᠢᠨ | ᠠᠰᠠᠭᠤᠯᠲᠠ ᠳᠤ ᠲᠠᠰᠤᠷᠠᠯᠳᠠ ᠦᠭᠡᠢ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ | ᠦᠶᠡ ᠶᠢᠨ ᠱᠠᠭᠠᠷᠳᠠᠯᠭᠠ ᠳᠤ ᠨᠡᠶᠢᠴᠡᠭᠰᠡᠨ ᠵᠥᠪ ᠬᠠᠷᠢᠭᠤᠯᠲᠠ ᠥᠭᠴᠦ᠂ ᠪᠤᠰᠤᠳᠴᠢ ᠵᠢᠮᠡ ᠶᠣᠰᠣᠨ ᠳᠤ ᠨᠡᠶᠢᠴᠡᠭᠰᠡᠨ | ᠰᠢᠨᠵᠢᠯᠡᠬᠦ ᠤᠬᠠᠭᠠᠨᠴᠢ ᠲᠠᠨᠢᠯᠲᠠ ᠶᠢ ᠳ᠋ᠦᠩᠨᠡᠵᠦ᠂ ᠴᠠᠭ ᠦᠶᠡ ᠲᠠᠢ ᠵᠡᠷᠭᠡ ᠪᠠᠷ ᠤᠷᠤᠭᠰᠢᠯᠠᠭᠰᠠᠨ ᠤᠨᠤᠯ ᠤᠨ ᠦᠷᠡ | ᠪᠦᠲᠦᠭᠡᠯ ᠢ ᠪᠤᠢ ᠪᠤᠯᠭᠠᠵᠤ᠂ ᠳᠤᠮᠳᠠᠳᠤ ᠤᠯᠤᠰ ᠤᠨ ᠦᠢᠯᠡᠳᠦᠯᠭᠡ ᠶᠢ ᠨᠡᠩ ᠰᠠᠶᠢᠲᠤᠷ ᠵᠢᠯᠤᠭᠤᠳᠬᠤ ᠬᠡᠷᠡᠭᠲᠡᠢ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠤᠶᠠᠯᠳᠤᠭᠤᠯᠬᠤ ᠬᠡᠷᠡᠭᠲᠡᠢ᠃ ᠵᠦᠪᠭᠡᠨ ᠲᠤᠰ ᠤᠯᠤᠰ᠂ ᠲᠤᠰ ᠦᠨᠳᠦᠰᠦᠲᠡᠨ ᠤ ᠲᠡᠦᠬᠡ ᠰᠣᠶᠣᠯ ᠤᠨ ᠥᠩ | ᠰᠢᠮᠡᠯᠢᠭ ᠬᠥᠷᠥᠰᠥᠨ ᠳᠤ ᠦᠨᠳᠦᠰᠦᠯᠡᠪᠡᠯ ᠰᠠᠶ᠋ᠢ ᠮᠠᠷᠺᠰ ᠤᠨ ᠦᠵᠡᠯ ᠤᠨ ᠦᠨᠡᠨ ᠶᠣᠰᠣᠨ ᠤ ᠮᠣᠳᠣ ᠦᠨᠳᠦᠰᠦ ᠭᠦᠨ | ᠨᠠᠪᠴᠢ ᠰᠠᠬᠤᠯᠢᠭ ᠪᠠᠶᠢᠵᠤ ᠴᠢᠳᠠᠨᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠥᠨᠢ ᠤᠳᠠᠭᠠᠨ | ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ᠂ ᠲᠡᠷᠡ ᠪᠣᠯ ᠳᠤᠮᠳᠠᠳᠤ ᠶᠢᠨ ᠪᠣᠯᠪᠠᠰᠤᠨ ᠤ ᠤᠶᠤᠨ | ᠤᠬᠠᠭᠠᠨ ᠤ ᠤᠭᠢ ᠲᠠᠯᠠᠰᠲᠤ ᠮᠥᠨ᠂ ᠲᠡᠭᠦᠨ ᠳᠤ ᠠᠭᠤᠯᠤᠭᠳᠠᠵᠤ ᠪᠠᠶᠢᠭᠠ ᠲᠦᠷᠦ ᠶᠢᠨ ᠡᠷᠬᠡ ᠶᠢ ᠲᠦᠮᠡᠨ ᠤ ᠬᠢ | ᠪᠤᠯᠭᠠᠬᠤ᠂ ᠠᠷᠠᠳ ᠲᠦᠮᠡᠨ ᠢᠶᠠᠷ ᠤᠯᠤᠰ ᠣᠷᠣᠨ ᠤ ᠦᠨᠳᠦᠰᠦ ᠪᠤᠯᠭᠠᠬᠤ᠂ ᠤᠯᠤᠰ ᠢ ᠶᠣᠰᠣ ᠮᠣᠷᠠᠯ ᠢᠶᠠᠷ ᠵᠠᠰᠠᠬᠤ᠂ | ᠬᠠᠭᠤᠴᠢᠨ ᠢ ᠥᠭᠡᠷᠡᠴᠢᠯᠡᠵᠦ ᠰᠢᠨᠡ ᠶᠢ ᠪᠠᠶᠢᠭᠤᠯᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ᠂ ᠲᠡᠭᠷᠢ ᠬᠥᠮᠥᠨ ᠨᠢᠭᠡᠳᠭᠦ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠶᠣᠰᠣ ᠮᠣᠷᠠᠯ ᠢ ᠡᠷᠬᠢᠮᠯᠡᠨ ᠡᠭᠦᠷᠭᠡ ᠬᠠᠷᠢᠭᠤᠴᠠᠯᠭᠠ ᠡᠭᠦᠷᠭᠡᠯᠡᠬᠦ᠂ | ᠢᠲᠡᠭᠡᠯ ᠢ ᠡᠷᠬᠢᠮᠯᠡᠨ ᠡᠪ ᠨᠠᠶᠢᠷ ᠢ ᠡᠷᠭᠢᠮᠯᠡᠭᠦ᠂ ᠬᠥᠷᠰᠢ ᠵᠡᠷᠭᠡᠯᠡᠳᠡᠭᠡ ᠲᠠᠢ ᠪᠠᠨ ᠳᠣᠲᠣᠨᠣ ᠨᠥᠭᠦᠷᠰᠡᠭ ᠢᠶᠠᠷ ᠶᠠᠪᠤᠯᠴᠠᠬᠤ | ᠵᠡᠷᠭᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ | ᠬᠤᠷᠠᠮᠳᠤᠭᠤᠯᠤᠭᠰᠠᠨ ᠣᠷᠴᠢᠯᠠᠩ ᠤᠨ ᠦᠵᠡᠯᠲᠡ᠂ ᠶᠢᠷᠲᠢᠨᠴᠦ ᠶᠢᠨ ᠦᠵᠡᠯᠲᠡ᠂ ᠨᠡᠶᠢᠭᠡᠮ ᠤᠨ ᠦᠵᠡᠯᠲᠡ᠂ ᠶᠣᠰᠣ | ᠰᠤᠷᠲᠠᠬᠤᠨ ᠤ ᠦᠵᠡᠯᠲᠡ ᠶᠢᠨ ᠴᠢᠬᠤᠯᠠ ᠢᠯᠡᠷᠡᠯ ᠮᠥᠨ᠂ ᠲᠡᠷᠡ ᠨᠢ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ | ᠦᠷᠳᠡᠭ ᠤᠨ ᠦᠵᠡᠯᠲᠡ ᠶᠢᠨ ᠵᠣᠷᠢᠯᠲᠠ ᠲᠠᠢ ᠳᠡᠭᠡᠳᠦ ᠬᠡᠮᠵᠢᠶᠡ ᠪᠠᠷ ᠵᠣᠬᠢᠴᠠᠬᠤ ᠴᠢᠨᠠᠷ ᠲᠠᠢ᠃ ᠪᠢᠳᠡ ᠡᠷᠬᠡᠪᠰᠢ | ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ | ᠬᠠᠭᠤᠴᠢᠨ ᠢ ᠤᠷᠭᠢᠵᠤ ᠰᠢᠨᠡ ᠶᠢ ᠡᠭᠦᠳᠭᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ | ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠨᠠᠪᠲᠠᠷᠡᠭᠦᠯᠵᠦ᠂ ᠠᠷᠠᠳ ᠤᠯᠠᠨ ᠤ | ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠳᠡᠭ ᠠᠳᠠᠯᠠ ᠦᠯᠦ ᠢᠯᠡᠷᠡᠭᠦᠯᠦᠭᠰᠡᠨ ᠬᠠᠮᠲᠤ ᠶᠢᠨ ᠦᠷᠳᠡᠭ ᠤᠨ | ᠦᠵᠡᠯᠲᠡ ᠲᠠᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ ᠤᠨᠤᠯ ᠳᠤ ᠢᠯᠡ ᠲᠣᠳᠣ ᠳᠤᠮᠳᠠᠳᠤ ᠤᠯᠤᠰ ᠤᠨ | ᠣᠨᠴᠠᠯᠢᠭ ᠢ ᠲᠠᠰᠤᠷᠠᠯᠳᠠ ᠦᠭᠡᠢ ᠣᠯᠭᠤᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ | ᠲᠡᠦᠬᠡ ᠶᠢᠨ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠮᠠᠷᠺᠰ ᠤᠨ ᠦᠵᠡᠯ ᠢ | ᠳᠤᠮᠳᠠᠳᠤ ᠤᠯᠤᠰ ᠲᠤ ᠪᠠᠲᠤ ᠦᠨᠳᠦᠰᠦᠯᠡᠭᠦᠯᠬᠦ ᠬᠡᠷᠡᠭᠲᠡᠢ᠃ | ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨᠡ ᠶᠢ ᠡᠭᠦᠳᠭᠦ ᠴᠦ ᠬᠢᠵᠠᠭᠠᠷ ᠦᠭᠡᠢ ᠶᠤᠮ᠃ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠪᠣᠯ ᠤᠳᠤ | ᠦᠶᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭᠠ ᠲᠡᠦᠬᠡᠲᠦ ᠬᠠᠷᠢᠭᠤᠴᠠᠯᠭᠠ ᠮᠥᠨ᠃ | ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨᠡ ᠶᠢ ᠡᠭᠦᠳᠭᠦ ᠶᠢ ᠦᠷᠭᠦᠯᠵᠢᠯᠡᠨ ᠠᠬᠢᠭᠤᠯᠬᠤ ᠳᠤ᠂ ᠶᠠᠭᠤᠨ ᠤ | ᠡᠮᠦᠨᠡ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠶᠢᠷᠲᠢᠨᠴᠦ ᠶᠢᠨ ᠦᠵᠡᠯᠲᠡ ᠪᠠ ᠠᠷᠭᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭᠠ | ᠵᠣᠭᠰᠣᠯᠲᠠ ᠦᠵᠡᠯᠲᠡ ᠠᠷᠭᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠬᠦ ᠬᠡᠷᠡᠭᠲᠡᠢ᠃ | — ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳᠴᠢ ᠴᠢᠨᠠᠷ ᠪᠣᠯ ᠮᠠᠷᠺᠰ ᠤᠨ | ᠦᠵᠡᠯ ᠤᠨ ᠮᠥᠨ ᠴᠢᠨᠠᠷ ᠤᠨ ᠰᠢᠨᠵᠢ ᠮᠥᠨ᠂ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠵᠦ᠂ ᠠᠷᠠᠳ ᠲᠦᠮᠡᠨ ᠤ | ᠲᠥᠯᠥᠭᠡ᠂ ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ | ᠦᠢᠯᠡᠳᠦᠯᠭᠡ ᠪᠣᠯ ᠤᠨᠤᠯ ᠤᠨ ᠰᠢᠨᠡ ᠡᠭᠦᠳᠦᠯᠲᠡ ᠶᠢᠨ ᠰᠢᠷᠭᠢᠰᠢ ᠦᠭᠡᠢ ᠡᠬᠢ ᠪᠤᠯᠠᠭ ᠮᠥᠨ᠃ ᠠᠷᠠᠳ ᠲᠦᠮᠡᠨ ᠠᠴᠠ | ᠰᠠᠯᠤᠩᠬᠢᠷᠠᠭᠰᠠᠨ ᠠᠯᠢᠪᠠ ᠤᠨᠤᠯ ᠴᠥᠮ ᠬᠡᠢ ᠬᠤᠭᠤᠰᠤᠨ ᠬᠦᠴᠦᠨ ᠦᠭᠡᠢ ᠶᠤᠮ᠂ ᠠᠷᠠᠳ ᠲᠦᠮᠡᠨ ᠳᠤ ᠪᠤᠶᠠᠨ | ᠦᠢᠯᠡᠳᠭᠦ ᠦᠭᠡᠢ ᠠᠯᠢᠪᠠ ᠤᠨᠤᠯ ᠴᠥᠮ ᠠᠮᠢᠵᠢᠷᠠᠯ ᠤᠨ ᠬᠦᠴᠦᠨ ᠦᠭᠡᠢ ᠶᠤᠮ᠃ ᠪᠢᠳᠡ ᠠᠷᠠᠳ ᠲᠦᠮᠡᠨ ᠤ | ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ ᠠᠷᠠᠳ ᠲᠦᠮᠡᠨ ᠤ ᠡᠭᠦᠳᠦᠨ | ᠪᠦᠲᠦᠭᠡᠯᠲᠡ ᠶᠢ ᠭᠦᠨᠳᠦᠳᠭᠡᠵᠦ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ᠂ ᠮᠡᠳᠡᠷᠡᠭᠳᠡᠭᠰᠡᠨ᠂ ᠡᠵᠡᠮᠰᠢᠭᠳᠡᠭᠰᠡᠨ ᠤᠨᠤᠯ ᠢ ᠪᠤᠢ ᠪᠤᠯᠭᠠᠵᠤ᠂ ᠲᠡᠭᠦᠨ ᠢ ᠠᠷᠠᠳ ᠲᠦᠮᠡᠨ ᠤ | ᠶᠢᠷᠲᠢᠨᠴᠦ ᠶᠢ ᠲᠠᠨᠢᠬᠤ ᠪᠠ ᠶᠢᠷᠲᠢᠨᠴᠦ ᠶᠢ ᠥᠭᠡᠷᠡᠴᠢᠯᠡᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ | ᠪᠤᠯᠭᠠᠬᠤ ᠬᠡᠷᠡᠭᠲᠡᠢ᠃ | — ᠡᠷᠬᠡᠪᠰᠢ ᠢᠲᠡᠭᠡᠯ ᠵᠣᠷᠢᠭ ᠲᠠᠢ ᠪᠠᠶᠢᠵᠤ ᠪᠡᠶᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ | ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠣᠶᠢᠷᠠ ᠦᠶᠡ ᠠᠴᠠ ᠨᠠᠭᠠᠰᠢᠬᠢ ᠬᠦᠨᠳᠦ ᠬᠡᠴᠡᠭᠦᠦ | ᠭᠠᠰᠠᠯᠠᠩ ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ | ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠭᠡᠵᠦ ᠪᠠᠶᠢᠬᠤ ᠦᠭᠡᠢ᠂ ᠨᠡᠩ ᠴᠤ ᠪᠡᠯᠡᠨ ᠬᠠᠷᠢᠭᠤᠯᠲᠠ ᠭᠡᠵᠦ | ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠵᠠᠮ ᠢ ᠪᠣᠯ ᠨᠠᠮ ᠠᠴᠠ ᠠᠷᠠᠳ ᠲᠦᠮᠡᠨ ᠢ | ᠤᠳᠤᠷᠢᠳᠤᠨ ᠪᠡᠶᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ | ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ | ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠨᠡᠭᠡᠭᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭᠠ ᠨᠢᠭᠡᠨ | ᠦᠨᠳᠦᠰᠦᠨ ᠵᠦᠢᠯ ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠳᠤᠮᠳᠠᠳᠤ ᠤᠯᠤᠰ ᠤᠨ ᠦᠨᠳᠦᠰᠦᠨ | ᠪᠠᠶᠢᠳᠠᠯ ᠠᠴᠠ ᠡᠭᠦᠰᠴᠦ᠂ ᠳᠤᠮᠳᠠᠳᠤᠴᠤᠳ ᠥᠪᠡᠷ ᠢᠶᠠᠨ ᠬᠠᠷᠢᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠤᠨ | ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ | ᠪᠠᠲᠤ ᠢᠲᠡᠭᠡᠯ ᠵᠣᠷᠢᠭ ᠢ ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ | ᠰᠠᠨᠠᠭᠠ ᠪᠠᠷ ᠮᠠᠷᠺᠰ ᠤᠨ ᠦᠵᠡᠯ ᠢ ᠬᠥᠭᠵᠢᠭᠦᠯᠬᠦ ᠳᠤ ᠰᠢᠨᠡ ᠬᠤᠪᠢ ᠨᠡᠮᠡᠷᠢ ᠦᠵᠡᠭᠦᠯᠭᠦ ᠬᠡᠷᠡᠭᠲᠡᠢ᠂ ᠵᠠᠪᠢ ᠳᠡᠭᠡᠷᠡ ᠲᠡᠮᠳᠡᠭ | ᠲᠠᠯᠪᠢᠵᠤ ᠵᠢᠪᠦᠭᠰᠡᠨ ᠰᠡᠯᠡᠮᠡ ᠪᠠᠨ ᠡᠷᠢᠬᠦ᠂ ᠲᠦᠭᠵᠢᠮᠡᠯ ᠬᠥᠰᠢᠭᠦᠨ ᠪᠠᠶᠢᠵᠤ ᠪᠤᠯᠬᠤ ᠦᠭᠡᠢ ᠮᠥᠷᠲᠡᠭᠡᠨ ᠪᠠᠰᠠ ᠲᠡᠷᠡ | ᠬᠡᠪ ᠢᠶᠠᠷ ᠨᠢ ᠬᠠᠭᠤᠯᠤᠨ ᠨᠡᠭᠦᠯᠭᠡᠵᠦ᠂ ᠭᠠᠳᠠᠭᠠᠳᠤ ᠶᠢᠨ ᠲᠤᠷᠰᠢᠯᠭᠠ ᠶᠢ ᠲᠡᠷᠡ ᠬᠡᠪ ᠢᠶᠠᠷ ᠨᠢ ᠨᠡᠭᠦᠯᠭᠡᠨ ᠠᠪᠴᠢᠷᠠᠵᠤ | ᠵᠠᠳᠠᠯᠤᠯᠲᠠ ᠬᠢᠵᠦ ᠬᠠᠷᠢᠴᠠᠭᠤᠯᠬᠤ ᠦᠭᠡᠢ ᠪᠠᠶᠢᠵᠤ ᠪᠤᠯᠬᠤ ᠦᠭᠡᠢ᠃ | — ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨᠡ ᠶᠢ ᠡᠭᠦᠳᠭᠦ ᠶᠢ ᠪᠠᠷᠢᠮᠲᠠᠯᠠᠬᠤ ᠬᠡᠷᠡᠭᠲᠡᠢ᠃ ᠪᠢᠳᠡᠨ ᠤ ᠬᠢᠵᠦ | ᠪᠠᠶᠢᠭᠠ ᠪᠣᠯ ᠤᠷᠢᠳ ᠡᠮᠦᠨᠡ ᠪᠠᠶᠢᠭᠠ ᠦᠭᠡᠢ ᠠᠭᠤᠤ ᠶᠡᠭᠡ ᠦᠢᠯᠡᠰ ᠮᠥᠨ᠂ ᠲᠥᠪ ᠶᠣᠰᠣ ᠶᠢ ᠪᠠᠷᠢᠮᠲᠠᠯᠠᠪᠠᠯ ᠰᠠᠶ᠋ᠢ | ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭᠠ ᠭᠠᠷᠭᠠᠬᠤ ᠦᠭᠡᠢ ᠪᠠᠶᠢᠵᠤ ᠴᠢᠳᠠᠨᠠ᠂ ᠰᠢᠨᠡ ᠶᠢ | ᠡᠭᠦᠳᠪᠡᠯ ᠰᠠᠶ᠋ᠢ ᠴᠠᠭ ᠦᠶᠡ ᠶᠢ ᠡᠵᠡᠮᠳᠡᠵᠦ᠂ ᠴᠠᠭ ᠦᠶᠡ ᠶᠢ ᠬᠥᠲᠥᠯᠥᠨ ᠳᠠᠭᠠᠭᠤᠯᠵᠤ ᠴᠢᠳᠠᠨᠠ᠃ ᠪᠢᠳᠡ ᠰᠢᠨᠵᠢᠯᠡᠬᠦ | ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ ᠰᠠᠨᠠᠭᠠ ᠪᠠᠷ ᠦᠨᠡᠨ ᠶᠣᠰᠣ ᠶᠢ | ᠬᠥᠭᠡᠭᠡᠴᠡᠯᠳᠦᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ | ᠪᠦᠭᠦ ᠲᠠᠯᠠ ᠶᠢᠨ ᠤᠳᠤᠷᠢᠳᠤᠯᠭᠠ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶᠡ ᠶᠢᠨ ᠠᠯᠬᠤᠭᠠ ᠶᠢ ᠰᠠᠯᠤᠯ ᠦᠭᠡᠢ ᠳᠠᠭᠠᠵᠤ᠂ ᠦᠢᠯᠡᠳᠦᠯᠭᠡ ᠶᠢᠨ | ᠬᠥᠭᠵᠢᠯᠲᠡ ᠲᠠᠢ ᠵᠣᠬᠢᠴᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨᠡ ᠬᠡᠷᠡᠭ ᠪᠣᠳᠠᠰ ᠲᠤ | ᠬᠠᠨᠳᠤᠵᠤ᠂ ᠲᠠᠨᠢᠯᠲᠠ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ | ᠬᠡᠯᠡᠵᠦ ᠥᠩᠭᠡᠷᠡᠭᠰᠡᠨ ᠦᠭᠡᠢ ᠰᠢᠨᠡ ᠦᠭᠡ ᠶᠢ ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ | ᠦᠭᠡᠢ ᠶᠠᠪᠤᠳᠠᠯ ᠢ ᠵᠣᠷᠢᠭᠲᠠᠢ ᠬᠢᠵᠦ᠂ ᠰᠢᠨᠡ ᠤᠨᠤᠯ ᠢᠶᠠᠷ ᠰᠢᠨᠡ ᠦᠢᠯᠡᠳᠦᠯᠭᠡ ᠶᠢ ᠵᠢᠯᠤᠭᠤᠳᠬᠤ ᠬᠡᠷᠡᠭᠲᠡᠢ᠃ | — ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠪᠣᠯ ᠴᠠᠭ | ᠦᠶᠡ ᠶᠢᠨ ᠲᠠᠭᠤᠨ ᠮᠥᠨ᠂ ᠠᠰᠠᠭᠤᠳᠠᠯ ᠢ ᠬᠠᠷᠢᠭᠤᠯᠵᠤ ᠵᠢᠯᠣᠭᠤᠳᠤᠨ ᠰᠢᠢᠳᠪᠦᠷᠢᠯᠡᠬᠦ ᠪᠣᠯ ᠤᠨᠤᠯ ᠤᠨ ᠦᠨᠳᠦᠰᠦᠨ | ᠡᠭᠦᠷᠭᠡ ᠮᠥᠨ᠃ ᠥᠨᠥᠳᠥᠷ ᠪᠢᠳᠡᠨ ᠳᠤ ᠲᠤᠯᠭᠠᠷᠠᠵᠤ ᠪᠠᠶᠢᠭᠠ ᠠᠰᠠᠭᠤᠳᠠᠯ ᠤᠨ ᠪᠤᠳᠤᠯᠢᠶᠠᠨᠲᠤ ᠬᠡᠮᠵᠢᠶᠡ᠂ ᠠᠰᠠᠭᠤᠳᠠᠯ ᠢ | ᠰᠢᠢᠳᠪᠦᠷᠢᠯᠡᠬᠦ ᠪᠡᠷᠬᠡ ᠶᠢᠨ ᠬᠡᠮᠵᠢᠶᠡ ᠢᠯᠡᠳᠲᠡ ᠨᠡᠮᠡᠭᠳᠡᠵᠦ᠂ ᠤᠨᠤᠯ ᠤᠨ ᠰᠢᠨᠡ ᠡᠭᠦᠳᠦᠯᠲᠡ ᠳᠤ ᠴᠣ ᠰᠢᠨᠡ ᠱᠠᠭᠠᠷᠳᠠᠯᠭᠠ | ᠳᠤᠷᠠᠳᠤᠭᠰᠠᠨ ᠪᠠᠶᠢᠨᠠ᠃ ᠪᠢᠳᠡ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠦᠢᠯᠡᠳᠦᠯᠭᠡ ᠳᠤ | ᠲᠤᠯᠭᠠᠷᠠᠭᠰᠠᠨ ᠰᠢᠨᠡ ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠ ᠣᠷᠣᠰᠢᠵᠤ ᠪᠠᠶᠢᠭᠠ ᠭᠦᠨ | ᠳᠠᠪᠬᠤᠷᠭᠠ ᠶᠢᠨ ᠠᠰᠠᠭᠤᠳᠠᠯ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭᠠ ᠠᠰᠠᠭᠤᠳᠠᠯ᠂ | ᠤᠯᠠᠨ ᠤᠯᠤᠰ ᠤᠨ ᠬᠤᠪᠢᠷᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ᠂ ᠨᠠᠮ ᠤᠨ ᠪᠠᠶᠢᠭᠤᠯᠤᠯᠲᠠ ᠳᠤ ᠲᠤᠯᠭᠠᠷᠠᠵᠤ | ᠪᠠᠶᠢᠭᠠ ᠲᠣᠪᠤᠶᠢᠮᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨᠡ | ᠣᠶᠢᠯᠠᠭᠠᠭᠳᠠᠬᠤᠨ ᠰᠢᠨᠡ ᠰᠡᠳᠬᠢᠴᠡ ᠰᠢᠨᠡ ᠠᠷᠭᠠ ᠶᠢ ᠲᠠᠰᠤᠷᠠᠯᠳᠠ ᠦᠭᠡᠢ ᠳᠤᠷᠠᠳᠤᠨ ᠭᠠᠷᠭᠠᠬᠤ ᠬᠡᠷᠡᠭᠲᠡᠢ᠃ | — ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠲᠦᠮᠡᠨ ᠬᠡᠷᠡᠭ ᠪᠣᠳᠠᠰ ᠬᠠᠷᠢᠯᠴᠠᠨ | ᠬᠤᠯᠪᠣᠯᠳᠤᠵᠤ᠂ ᠬᠠᠷᠢᠯᠴᠠᠨ ᠲᠦᠰᠢᠭᠯᠡᠯᠴᠡᠨ ᠣᠷᠣᠰᠢᠵᠤ ᠪᠠᠶᠢᠳᠠᠭ᠃ ᠭᠠᠭᠴᠠ ᠬᠦ ᠲᠦᠭᠡᠮᠡᠯ ᠬᠤᠯᠪᠤᠭᠠ ᠲᠠᠢ᠂ ᠪᠦᠭᠦ | ᠲᠠᠯᠠ ᠶᠢᠨ ᠰᠢᠰᠲ᠋ᠧᠮᠲᠦ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ ᠪᠣᠳᠠᠰ ᠢ ᠠᠵᠢᠭᠯᠠᠪᠠᠯ ᠰᠠᠶ᠋ᠢ ᠬᠡᠷᠡᠭ | ᠪᠣᠳᠠᠰ ᠤᠨ ᠬᠥᠭᠵᠢᠯᠲᠡ ᠶᠢᠨ ᠵᠢᠮᠡ ᠶᠣᠰᠣ ᠶᠢ ᠡᠵᠡᠮᠰᠢᠵᠦ ᠴᠢᠳᠠᠨᠠ᠃ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭᠠ | ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠶᠠᠭ ᠨᠡᠶᠢᠭᠡᠮ ᠤᠨ ᠥᠷᠭᠡᠨ | ᠳᠡᠯᠭᠡᠷ ᠪᠥᠭᠡᠳ ᠭᠦᠨ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ ᠪᠠᠶᠢᠨᠠ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ | ᠠᠬᠢᠭᠤᠯᠬᠤ᠂ ᠠᠰᠢᠭ ᠲᠤᠰᠠ ᠶᠢᠨ ᠬᠠᠷᠢᠴᠠᠭᠠ ᠶᠢ ᠲᠣᠬᠢᠷᠠᠭᠤᠯᠬᠤ ᠨᠢ ᠶᠡᠷᠦ ᠠᠴᠠ ᠲᠦᠢᠯ ᠤᠨ ᠪᠠᠭᠠ ᠬᠡᠰᠡᠭ ᠢ ᠭᠦᠨᠳᠡᠪᠡᠯ | ᠪᠦᠭᠦ ᠲᠠᠯᠠ ᠶᠢ ᠨᠥᠯᠥᠭᠡᠯᠡᠵᠦ ᠮᠡᠳᠡᠨᠠ᠃ ᠪᠢᠳᠡ ᠲᠡᠦᠬᠡ ᠪᠠᠷ ᠳᠠᠮᠵᠢᠭᠤᠯᠤᠨ ᠪᠣᠳᠠᠲᠤ ᠪᠠᠶᠢᠳᠠᠯ ᠢ ᠦᠵᠡᠵᠦ᠂ | ᠦᠵᠡᠭᠳᠡᠯ ᠢᠶᠠᠷ ᠳᠠᠮᠵᠢᠭᠤᠯᠤᠨ ᠮᠥᠨ ᠴᠢᠨᠠᠷ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠪᠦᠭᠦ ᠲᠠᠯᠠ ᠪᠠ ᠬᠡᠰᠡᠭ ᠲᠠᠯᠠ᠂ | ᠣᠳᠣᠬᠠᠨ ᠪᠠ ᠠᠯᠤᠰ ᠭᠡᠳᠦ᠂ ᠬᠤᠷᠸᠠ ᠪᠠ ᠬᠤᠮᠠᠬᠢ᠂ ᠭᠤᠣᠯ ᠵᠥᠷᠢᠴᠡᠯ ᠪᠠ ᠳᠡᠳ᠋ ᠵᠥᠷᠢᠴᠡᠯ᠂ ᠣᠨᠴᠠᠭᠠᠢ ᠪᠠ ᠡᠩ ᠤᠨ | ᠬᠠᠷᠢᠴᠠᠭᠠ ᠶᠢ ᠰᠠᠶᠢᠲᠤᠷ ᠡᠵᠡᠮᠳᠡᠵᠦ᠂ ᠪᠠᠶᠢᠯᠳᠤᠬᠤ ᠪᠣᠳᠣᠯᠭᠠ ᠶᠢᠨ ᠰᠡᠳᠬᠢᠬᠦᠢ᠂ ᠲᠡᠦᠬᠡ ᠶᠢᠨ ᠰᠡᠳᠬᠢᠬᠦᠢ᠂ | ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨᠡ ᠶᠢ ᠡᠭᠦᠳᠭᠦ ᠰᠡᠳᠬᠢᠬᠦᠢ᠂ ᠬᠠᠤᠯᠢ ᠪᠠᠷ ᠵᠠᠰᠠᠬᠤ | ᠰᠡᠳᠬᠢᠬᠦᠢ᠂ ᠬᠤᠷᠢᠭᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠷᠠᠯᠠᠯᠲᠦ | ᠴᠢᠨᠠᠷᠲᠠᠢ ᠪᠠᠷ ᠰᠡᠳᠭᠢᠭᠦ᠂ ᠪᠦᠭᠦ ᠲᠠᠯᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠨᠠᠮ ᠪᠠ | ᠤᠯᠤᠰ ᠤᠨ ᠡᠯᠡ ᠵᠦᠢᠯ ᠤᠨ ᠠᠵᠢᠯ ᠦᠢᠯᠡᠰ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭᠠ ᠶᠢ | ᠬᠠᠩᠭᠠᠬᠤ ᠬᠡᠷᠡᠭᠲᠡᠢ᠃ | — ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ | ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢᠳᠡ | ᠳᠡᠯᠡᠬᠡᠢ ᠶᠢᠨ ᠬᠠᠷᠠᠭᠠ ᠪᠠᠨ ᠥᠷᠭᠡᠳᠬᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠤᠷᠤᠰᠬᠠᠯ ᠢ | ᠭᠦᠨᠵᠡᠭᠡᠢ ᠠᠵᠢᠭᠯᠠᠵᠤ᠂ ᠡᠯᠡ ᠤᠯᠤᠰ ᠤᠨ ᠠᠷᠠᠳ ᠲᠦᠮᠡᠨ ᠤ ᠨᠡᠶᠢᠳᠡᠮ ᠠᠩᠬᠠᠷᠴᠤ ᠪᠠᠶᠢᠭᠠ ᠠᠰᠠᠭᠤᠳᠠᠯ ᠳᠤ ᠢᠳᠡᠪᠬᠢᠲᠡᠢ | ᠬᠠᠷᠢᠭᠤᠯᠲᠠ ᠥᠭᠴᠦ᠂ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ | ᠬᠤᠪᠢ ᠨᠡᠮᠡᠷᠢ ᠦᠵᠡᠭᠦᠯᠵᠦ᠂ ᠠᠨᠠᠪᠠᠳ ᠲᠠᠯᠠᠢ ᠤᠯᠠᠨ ᠤᠷᠤᠰᠬᠠᠯ ᠴᠢᠳᠬᠤᠯᠠᠩ ᠢ ᠠᠭᠤᠯᠬᠤ ᠠᠭᠤᠳᠠᠮᠴᠢ ᠪᠠᠭᠲᠠᠭᠠᠮᠵᠢᠲᠠᠢ | ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷᠡ ᠪᠦᠲᠦᠭᠡᠯ ᠢ ᠲᠣᠯᠢᠯᠠᠨ | ᠰᠢᠩᠭᠡᠭᠡᠵᠦ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠭᠤᠷᠪᠠ᠂ ᠰᠢᠨᠡ ᠴᠠᠭ ᠦᠶᠡ ᠰᠢᠨᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ | ᠬᠠᠷᠢᠭᠤᠴᠠᠯᠭᠠ | ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯᠠ ᠪᠠᠷ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯᠠ ᠪᠠᠷ ᠠᠬᠢᠭᠤᠯᠬᠤ ᠶᠠᠪᠤᠳᠠᠯ ᠪᠣᠯᠣᠨᠠ᠃ | ᠰᠢᠨᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ | ᠤᠷᠳᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷᠡ᠂ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯᠠ ᠪᠠᠷ ᠬᠢ ᠰᠢᠨᠡ ᠶᠢ ᠡᠭᠦᠳᠭᠦ ᠰᠢᠪᠲᠤᠯᠤᠯᠲᠠ ᠪᠠᠷ | ᠳᠠᠮᠵᠢᠭᠠᠳ᠂ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠲᠦᠯᠬᠢᠨ | ᠠᠬᠢᠭᠤᠯᠵᠤ ᠥᠷᠭᠡᠳᠬᠡᠭᠰᠡᠨ ᠪᠠᠶᠢᠨᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠡᠯᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ | ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠳᠤᠮᠳᠠᠳᠤ ᠤᠯᠤᠰ ᠤᠨ | ᠣᠨᠴᠠᠯᠢᠭ ᠲᠠᠢ ᠶᠤᠮ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶᠡ ᠪᠠᠷ ᠯᠤᠲᠤ ᠶᠡᠭᠡ | ᠣᠳᠣᠬᠢᠴᠢᠯᠠᠯᠲᠠ ᠮᠥᠨ᠃ ᠮᠠᠨ ᠤ ᠤᠯᠤᠰ ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦ᠋ᠢᠯᠡ | ᠴᠣᠭᠴᠠ ᠪᠠᠷ ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶᠡ ᠨᠢ ᠤᠳᠤ ᠶᠢᠨ ᠬᠥᠭᠵᠢᠭᠰᠡᠨ ᠤᠯᠤᠰ ᠤᠨ | ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠨᠢ ᠤᠷᠢᠳ | ᠡᠮᠦᠨᠡ ᠪᠠᠶᠢᠭᠠ ᠦᠭᠡᠢ ᠪᠥᠭᠡᠳ ᠬᠥᠭᠵᠢᠯᠲᠡ ᠶᠢᠨ ᠠᠷᠭᠠ ᠵᠠᠮ ᠪᠠ ᠲᠦᠯᠬᠢᠨ ᠠᠬᠢᠭᠤᠯᠬᠤ ᠠᠷᠭᠠ ᠮᠠᠶ᠋ᠢᠭ ᠨᠢ ᠴᠦ | ᠵᠠᠶᠢᠯᠠᠰᠢ ᠦᠭᠡᠢ ᠥᠪᠡᠷ ᠤᠨ ᠣᠨᠴᠠᠯᠢᠭ ᠲᠠᠢ ᠪᠣᠯᠤᠭᠰᠠᠨ ᠪᠠᠶᠢᠨᠠ᠃ ᠪᠢᠳᠡ ᠢᠮᠠᠭᠲᠠ ᠤᠯᠤᠰ ᠤᠨ ᠪᠠᠶᠢᠳᠠᠯ ᠠᠴᠠ ᠪᠠᠨ | ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭᠠ ᠲᠣᠭᠲᠠᠭᠠᠵᠤ᠂ ᠤᠴᠢᠷ ᠶᠠᠪᠤᠳᠠᠯ ᠪᠦᠲᠦᠭᠡᠬᠦ ᠳᠡᠭᠡᠨ | ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠮᠥᠷᠲᠡᠭᠡᠨ ᠪᠠᠰᠠ ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ | ᠦᠭᠡᠢ ᠪᠠᠶᠢᠵᠤ᠂ ᠲᠡᠦᠬᠡ ᠶᠢᠨ ᠲᠡᠰᠪᠦᠷᠢ ᠲᠡᠪᠴᠢᠶᠡᠷᠢ ᠶᠢ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ | ᠠᠯᠬᠤᠮ ᠲᠠᠷᠠᠭᠠ ᠲᠠᠢ ᠪᠠᠷ ᠤᠷᠤᠭᠰᠢᠯᠠᠬᠤ᠂ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ | ᠣᠳᠣᠬᠢᠴᠢᠯᠠᠯᠲᠠ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠮᠥᠨ ᠴᠢᠨᠠᠷ ᠤᠨ ᠱᠠᠭᠠᠷᠳᠠᠯᠭᠠ ᠮᠥᠨ᠂ ᠪᠠᠰᠠ ᠴᠤ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠃ ᠪᠢᠳᠡ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠦᠴᠦᠯᠡᠨ ᠬᠠᠮᠠᠭᠠᠯᠠᠨ ᠠᠬᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠬᠦᠴᠦᠯᠡᠨ ᠠᠬᠢᠭᠤᠯᠵᠤ᠂ ᠬᠤᠶᠠᠷ ᠲᠦᠢᠯᠰᠢᠷᠠᠯ ᠢ ᠡᠷᠡᠰ ᠰᠡᠷᠭᠡᠶᠢᠯᠡᠨ ᠬᠤᠷᠢᠭᠯᠠᠨᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ | ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭᠠ | ᠡᠯᠪᠡᠭ ᠪᠠᠶᠠᠯᠢᠭ ᠪᠠᠶᠢᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠨᠳᠦᠰᠦᠨ ᠱᠠᠭᠠᠷᠳᠠᠯᠭᠠ ᠮᠥᠨ᠃ ᠡᠳ᠋ | ᠪᠣᠳᠠᠰ ᠤᠨ ᠲᠠᠯᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯᠠ ᠪᠠᠷ | ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠪᠢᠳᠡ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠪᠣᠳᠠᠰ ᠤᠨ | ᠨᠥᠬᠦᠴᠡᠯ ᠢ ᠲᠠᠰᠤᠷᠠᠯᠳᠠ ᠦᠭᠡᠢ ᠪᠠᠲᠤᠳᠬᠠᠬᠤ ᠶᠢᠨ ᠬᠠᠮᠲᠤ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ | ᠬᠥᠭᠵᠢᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠢ | ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠪᠦᠭᠦ ᠲᠠᠯᠠ ᠶᠢᠨ ᠪᠠᠶᠠᠯᠢᠭᠵᠢᠯ ᠪᠠ ᠬᠥᠮᠥᠨ ᠤ ᠪᠦᠭᠦ ᠲᠠᠯᠠ ᠶᠢᠨ ᠬᠥᠭᠵᠢᠯᠲᠡ ᠶᠢ | ᠠᠬᠢᠭᠤᠯᠤᠨᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠪᠠᠶᠢᠭᠠᠯᠢ ᠡᠶᠡ ᠵᠣᠬᠢᠴᠠᠩᠭᠤᠢ ᠪᠠᠷ | ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠬᠥᠮᠥᠨ ᠪᠠᠶᠢᠭᠠᠯᠢ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ | ᠪᠠᠶᠢᠭᠠᠯᠢ ᠠᠴᠠ ᠬᠡᠮᠵᠢᠶᠡ ᠬᠢᠵᠠᠭᠠᠷ ᠦᠭᠡᠢ ᠠᠪᠴᠤ ᠴᠢᠨᠠᠭᠰᠢᠯᠠᠪᠠᠯ ᠪᠠᠶᠢᠭᠠᠯᠢ ᠶᠢ ᠡᠪᠳᠡᠪᠡᠯ ᠵᠠᠶᠢᠯᠠᠰᠢ ᠦᠭᠡᠢ ᠶᠡᠭᠡ | ᠪᠠᠶᠢᠭᠠᠯᠢ ᠶᠢᠨ ᠵᠠᠯᠬᠠᠭᠠᠯ ᠢ ᠣᠯᠬᠤ ᠪᠣᠯᠣᠨᠠ᠃ ᠪᠢᠳᠡ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ᠂ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠬᠤ | ᠴᠢᠭᠯᠡᠯᠲᠡ ᠶᠢ ᠪᠠᠷᠢᠮᠲᠠᠯᠠᠵᠤ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠪᠠᠶᠢᠭᠠᠯᠢ ᠪᠠ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ | ᠰᠠᠶᠢᠬᠠᠨ ᠪᠠᠶᠢᠬᠤ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ | ᠦᠨᠳᠦᠰᠦᠲᠡᠨ ᠤ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨᠡ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ | ᠵᠠᠮᠨᠠᠬᠤ ᠣᠳᠣᠬᠢᠴᠢᠯᠠᠯᠲᠠ ᠮᠥᠨ᠃ ᠮᠠᠨ ᠤ ᠤᠯᠤᠰ ᠵᠠᠷᠢᠮ ᠤᠯᠤᠰ ᠤᠨ ᠲᠠᠶᠢᠨ ᠬᠢᠬᠦ᠂ ᠺᠣᠯᠣᠨᠢᠴᠢᠯᠠᠬᠤ᠂ ᠳᠡᠭᠡᠷᠡᠮᠳᠡᠬᠦ | ᠵᠡᠷᠭᠡ ᠠᠷᠭᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ ᠲᠡᠷᠡ ᠬᠦ ᠪᠡᠶᠡ ᠪᠠᠨ | ᠪᠤᠳᠤᠵᠤ ᠪᠤᠰᠤᠳ ᠢ ᠬᠤᠬᠢᠷᠠᠭᠤᠯᠬᠤ᠂ ᠴᠢᠰᠤᠲᠤ ᠶᠠᠯᠠ ᠨᠢᠭᠦᠯ ᠢᠶᠠᠷ ᠳᠦᠭᠦᠷᠦᠭᠰᠡᠨ ᠬᠠᠭᠤᠴᠢᠨ ᠵᠠᠮ ᠨᠢ ᠥᠷᠭᠡᠨ ᠤᠯᠠᠨ | ᠬᠥᠭᠵᠢᠵᠦ ᠪᠠᠶᠢᠭᠠ ᠤᠯᠤᠰ ᠤᠨ ᠠᠷᠠᠳ ᠲᠦᠮᠡᠨ ᠳᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠪᠠᠶᠢᠨᠠ᠃ | ᠪᠢᠳᠡ ᠲᠡᠦᠬᠡ ᠶᠢᠨ ᠵᠥᠪ ᠲᠠᠯᠠ ᠳᠤ ᠪᠠᠲᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ | ᠲᠠᠯᠠ ᠳᠤ ᠪᠠᠲᠤ ᠵᠣᠭᠰᠣᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭᠠ᠂ ᠬᠠᠮᠲᠤ ᠪᠠᠷ ᠠᠰᠢᠭ ᠭᠦᠷᠲᠡᠭᠦ | ᠲᠤᠭ ᠢ ᠥᠨᠳᠥᠷ ᠮᠠᠨᠳᠤᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ | ᠲᠤᠰ ᠪᠡᠶᠡ ᠶᠢᠨ ᠬᠥᠭᠵᠢᠯᠲᠡ ᠪᠠᠨ ᠡᠷᠢᠯᠬᠢᠯᠡᠬᠦ ᠮᠥᠷᠲᠡᠭᠡᠨ ᠪᠠᠰᠠ ᠲᠤᠰ ᠪᠡᠶᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ | ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠨᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭᠠ ᠪᠣᠯ᠄ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠬᠥᠮᠥᠨ ᠪᠠᠶᠢᠭᠠᠯᠢ ᠡᠶᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ | ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨᠡ ᠭᠡᠯᠪᠡᠷᠢ ᠪᠠᠶᠢᠳᠠᠯ ᠢ ᠡᠭᠦᠳᠦᠨᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯᠠ ᠪᠠᠷ ᠪᠡᠶᠡᠯᠡᠭᠦᠯᠬᠦ ᠳᠤ ᠪᠠᠶᠢᠯᠳᠤᠬᠤ | ᠪᠣᠳᠣᠯᠭᠠ ᠶᠢᠨ ᠶᠡᠷᠦᠩᠬᠡᠢ ᠲᠣᠬᠢᠷᠠᠭᠤᠯᠤᠯᠲᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠣᠨᠠ᠄ 2020 | ᠣᠨ ᠠᠴᠠ 2035 ᠣᠨ ᠪᠤᠯᠲᠠᠯᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨᠡ︔ | 2035 ᠣᠨ ᠠᠴᠠ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ | ᠪᠣᠯᠪᠠᠰᠤᠨ ᠡᠶᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ | ᠪᠤᠯᠭᠠᠬᠤ ᠶᠢ ᠪᠡᠶᠡᠯᠡᠭᠦᠯᠦᠨᠡ᠃ 2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ | ᠪᠣᠯ᠄ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ | ᠶᠡᠷᠦᠩᠬᠡᠶᠢᠯᠡᠭᠰᠡᠨ ᠤᠯᠤᠰ ᠤᠨ ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠰᠢᠨᠡ ᠶᠡᠭᠡ ᠳᠡᠭᠲᠡᠷ ᠲᠤ ᠭᠠᠷᠴᠤ᠂ ᠳᠤᠮᠳᠠ ᠵᠡᠷᠭᠡ ᠶᠢᠨ ᠬᠥᠭᠵᠢᠭᠰᠡᠨ | ᠤᠯᠤᠰ ᠤᠨ ᠲᠦᠪᠰᠢᠨ ᠳᠤ ᠭᠦᠷᠦᠨᠡ︔ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯᠠ ᠪᠠᠷ ᠪᠡᠶᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨᠡ ᠶᠢ ᠡᠭᠦᠳᠭᠦ ᠭᠡᠯᠪᠡᠷᠢ ᠶᠢᠨ ᠤᠯᠤᠰ ᠤᠨ | ᠡᠮᠦᠨᠡ ᠡᠩᠨᠡᠭᠡᠨ ᠳᠤ ᠣᠷᠣᠨᠠ︔ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠡᠶᠡᠯᠡᠭᠦᠯᠵᠦ᠂ ᠰᠢᠨᠡ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠰᠢᠨᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ | ᠵᠠᠩᠭᠢᠵᠢᠯᠲᠠ᠂ ᠬᠤᠳᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨᠡ︔ | ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠢ ᠨᠡᠩ ᠪᠦᠷᠢᠨᠰᠢᠭᠦᠯᠦᠨ᠂ ᠬᠠᠤᠯᠢᠵᠢᠯ ᠤᠨ | ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨᠡ︔ | ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ | ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ᠂ ᠪᠡᠶᠡ ᠶᠢᠨ ᠲᠠᠮᠢᠷ ᠤᠨ ᠬᠦᠴᠦᠷᠬᠡᠭ ᠤᠯᠤᠰ᠂ | ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ | ᠴᠢᠩᠭᠠᠷᠠᠭᠤᠯᠤᠨᠠ︔ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭᠠ ᠶᠢ ᠲᠠᠭᠢᠨ ᠰᠢᠨᠡ ᠳᠡᠭᠲᠡᠷ ᠲᠤ ᠭᠠᠷᠭᠠᠵᠤ᠂ ᠳᠤᠮᠳᠠ | ᠵᠡᠷᠭᠡ ᠶᠢᠨ ᠣᠷᠣᠯᠭᠠ ᠲᠠᠢ ᠬᠥᠮᠥᠰ ᠤᠨ ᠬᠤᠪᠢ ᠶᠢᠨ ᠵᠢᠩ ᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶᠡ ᠶᠢᠨ | ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠢ ᠤᠷᠳᠤ ᠬᠤᠭᠤᠴᠠᠭᠠ ᠪᠠᠷ ᠲᠣᠭᠲᠠᠭᠤᠨ | ᠪᠠᠶᠢᠯᠭᠠᠵᠤ᠂ ᠬᠥᠮᠥᠨ ᠤ ᠪᠦᠭᠦ ᠲᠠᠯᠠ ᠶᠢᠨ ᠬᠥᠭᠵᠢᠯᠲᠡ᠂ ᠪᠦᠭᠦ ᠠᠷᠠᠳ ᠲᠦᠮᠡᠨ ᠬᠠᠮᠲᠤ ᠪᠠᠷ ᠪᠠᠶᠠᠵᠢᠬᠤ ᠶᠢ ᠨᠡᠩ | ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠨᠠ︔ ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭᠠ | ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠭᠦᠷᠦᠭᠰᠡᠨ ᠤ ᠲᠠᠷᠠᠭᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ | ᠦᠨᠳᠦᠰᠦᠨ ᠠᠴᠠ ᠨᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨᠡ︔ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢ ᠪᠦᠭᠦ | ᠲᠠᠯᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨᠡ᠃ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷᠡ᠂ ᠪᠢᠳᠡ ᠦᠷᠭᠦᠯᠵᠢᠯᠡᠨ ᠲᠡᠮᠡᠴᠡᠵᠦ᠂ | ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠡᠯᠡᠬᠡᠢ | ᠳᠡᠭᠡᠷᠡᠬᠢ ᠨᠥᠯᠥᠭᠡᠯᠡᠬᠦ ᠬᠦᠴᠦᠨ ᠢᠶᠠᠷ ᠣᠷᠦ᠋ᠢᠯᠠᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ | ᠪᠦᠲᠦᠭᠡᠨ ᠪᠠᠶᠢᠭᠤᠯᠤᠨᠠ᠃ | ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ | ᠪᠠᠶᠢᠭᠤᠯᠬᠤ ᠡᠭᠢᠯᠡᠯᠲᠡ ᠶᠢᠨ ᠵᠠᠩᠭᠢᠯᠠᠭᠠ ᠶᠢᠨ ᠬᠤᠭᠤᠴᠠᠭᠠ ᠪᠣᠯᠣᠨᠠ᠂ ᠭᠤᠣᠯ ᠬᠠᠷᠠᠯᠲᠠ ᠡᠭᠦᠷᠭᠡ ᠪᠣᠯ᠄ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨᠡ ᠰᠢᠪᠲᠤᠯᠤᠯᠲᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯᠠ ᠪᠠᠷ ᠪᠡᠶᠡ ᠪᠠᠨ ᠳᠠᠭᠠᠭᠠᠵᠤ ᠬᠦᠴᠦᠷᠬᠡᠭᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠢᠨᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠠᠵᠢᠯ | ᠴᠢᠬᠤᠯᠠ ᠶᠡᠭᠡ ᠠᠬᠢᠴᠠ ᠲᠠᠢ ᠪᠤᠯᠤᠨᠠ︔ ᠥᠭᠡᠷᠡᠴᠢᠯᠡᠯᠲᠡ ᠨᠡᠭᠡᠭᠡᠯᠲᠡ ᠰᠢᠨᠡ ᠠᠯᠬᠤᠮ ᠢ ᠠᠯᠬᠤᠵᠤ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ | ᠵᠢᠷᠤᠮᠲᠤ ᠵᠠᠬᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨᠡ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨᠡ︔ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠬᠢᠷᠢ | ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨᠡ︔ ᠠᠷᠠᠳ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ | ᠨᠡᠩ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ | ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨᠠ︔ ᠰᠠᠭᠤᠭᠠᠯᠢ ᠠᠷᠠᠳ ᠤᠨ ᠣᠷᠣᠯᠭᠠ ᠶᠢᠨ ᠨᠡᠮᠡᠭᠳᠡᠯ ᠪᠠ | ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠭᠦᠳᠡᠯᠮᠦᠷᠢ ᠶᠢᠨ ᠬᠥᠯᠥᠰᠦ | ᠣᠯᠭᠤᠮᠵᠢ ᠶᠢᠨ ᠳᠡᠭᠡᠭᠰᠢᠯᠡᠯᠲᠡ ᠶᠢ ᠭᠦᠳᠡᠯᠮᠦᠷᠢ ᠦᠢᠯᠡᠳᠪᠦᠷᠢᠯᠡᠯ ᠤᠨ ᠨᠤᠷᠮᠠ ᠶᠢᠨ ᠳᠡᠭᠡᠭᠰᠢᠯᠡᠯᠲᠡ ᠲᠠᠢ | ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ | ᠲᠡᠩᠴᠡᠭᠦᠷᠢᠰᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭᠠ ᠶᠢᠨ ᠨᠡᠶᠢᠭᠡᠮ ᠤᠨ | ᠪᠠᠲᠤᠯᠠᠭᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠢᠯᠡᠳᠲᠡ ᠦᠷᠡ ᠪᠦᠲᠦᠮᠵᠢ ᠣᠯᠤᠨᠠ︔ ᠤᠯᠤᠰ ᠤᠨ ᠠᠮᠤᠷ ᠲᠦᠪᠰᠢᠨ ᠨᠡᠩ ᠪᠠᠬᠢᠵᠢᠵᠦ᠂ | ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠵᠦ᠂ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠭᠢᠭᠤᠯᠤᠨᠠ︔ ᠳᠤᠮᠳᠠᠳᠤ | ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠤᠰᠬᠠᠯ ᠤᠯᠠᠮ ᠴᠢᠨᠠᠭᠰᠢᠳᠠ ᠳᠡᠭᠡᠭᠰᠢᠯᠡᠵᠦ᠂ ᠪᠦᠭᠦ | ᠪᠥᠮᠪᠥᠷᠴᠡᠭ ᠤᠨ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠦᠨᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ | ᠶᠡᠭᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ | ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭᠠ ᠦᠭᠡᠢ ᠶᠡᠭᠡ ᠬᠤᠪᠢᠰᠤᠯᠲᠠ ᠲᠦᠷᠭᠡᠰᠦᠨ | ᠬᠥᠭᠵᠢᠵᠦ᠂ ᠰᠢᠨᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ | ᠲᠣᠬᠢᠷᠠᠭᠤᠯᠤᠯᠲᠠ ᠭᠠᠷᠴᠤ᠂ ᠮᠠᠨ ᠤ ᠤᠯᠤᠰ ᠤᠨ ᠬᠥᠭᠵᠢᠯᠲᠡ ᠳᠤ ᠰᠢᠨᠡ ᠪᠠᠶᠢᠯᠳᠤᠬᠤ ᠪᠣᠳᠣᠯᠭᠠ ᠶᠢᠨ ᠠᠵᠠ ᠲᠣᠭᠢᠶᠠᠯ | ᠲᠤᠯᠭᠠᠷᠠᠵᠤ ᠪᠠᠶᠢᠨᠠ᠃ ᠡᠭᠦᠨ ᠤ ᠵᠡᠷᠭᠡ ᠪᠠᠷ᠂ ᠡᠷᠢᠨ ᠵᠠᠭᠤᠨ ᠳᠤ ᠲᠣᠬᠢᠶᠠᠯᠳᠤᠭᠠ ᠦᠭᠡᠢ ᠬᠢᠵᠢᠭ ᠤᠨ ᠪᠠᠶᠢᠳᠠᠯ ᠤᠨ | ᠨᠥᠯᠥᠭᠡ ᠭᠦᠨ ᠭᠦᠨᠵᠡᠭᠡᠢ ᠪᠠᠶᠢᠵᠤ᠂ ᠳᠡᠯᠡᠬᠡᠶᠢᠵᠢᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ ᠲᠣᠯᠣᠭᠠᠢ ᠥᠨᠳᠡᠶᠢᠵᠦ᠂ | ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ | ᠬᠦᠴᠦᠨ ᠦᠭᠡᠢ ᠪᠠᠶᠢᠵᠤ᠂ ᠬᠡᠰᠡᠭ ᠲᠠᠯᠠ ᠶᠢᠨ ᠮᠥᠷᠭᠦᠯᠳᠦᠭᠡᠨ ᠪᠠ ᠦᠢᠮᠡᠭᠡᠨ ᠰᠠᠮᠠᠭᠤᠷᠠᠯ ᠣᠯᠠᠨᠲᠠ ᠡᠭᠦᠰᠴᠦ᠂ ᠪᠦᠭᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠳᠡᠯᠡᠬᠡᠢ ᠳ᠋ᠠᠬᠢᠨ ᠰᠢᠨᠡ ᠣᠷᠤᠭᠠ ᠪᠤᠰᠬᠠᠭᠠ ᠬᠤᠪᠢᠰᠤᠯᠲᠠ ᠶᠢᠨ | ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠴᠥᠭᠡᠨ ᠪᠤᠰᠤ ᠭᠦᠨ | ᠳᠠᠪᠬᠤᠷᠭᠠ ᠶᠢᠨ ᠵᠥᠷᠢᠴᠡᠯ ᠳᠤ ᠲᠤᠯᠭᠠᠷᠠᠵᠤ ᠵᠠᠶᠢᠯᠠᠵᠤ ᠲᠡᠶᠢᠯᠭᠦ ᠦᠭᠡᠢ᠂ ᠲᠣᠭᠤᠷᠢᠵᠤ ᠭᠠᠷᠴᠤ ᠲᠡᠶᠢᠯᠭᠦ ᠦᠭᠡᠢ ᠶᠤᠮ᠂ | ᠨᠠᠮ ᠤᠨ ᠪᠠᠶᠢᠭᠤᠯᠤᠯᠲᠠ ᠢᠯᠠᠩᠭᠤᠶᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠳᠤ ᠴᠥᠭᠡᠨ ᠪᠤᠰᠤ ᠪᠤᠷᠤᠩᠬᠤᠢ ᠴᠢᠨᠠᠷ ᠲᠠᠢ᠂ ᠣᠯᠠᠨᠲᠠ ᠡᠭᠦᠰᠭᠦ ᠴᠢᠨᠠᠷᠲᠠᠢ ᠠᠰᠠᠭᠤᠳᠠᠯ ᠲᠤᠯᠭᠠᠷᠠᠵᠤ | ᠂ ᠭᠠᠳᠠᠨᠠ ᠠᠴᠠ ᠢᠷᠡᠭᠰᠡᠨ ᠴᠣᠬᠢᠯᠲᠠ ᠪᠠ ᠬᠤᠷᠢᠭᠯᠠᠯᠲᠠ ᠶᠢᠨ ᠠᠵᠢᠯᠯᠠᠭᠠ ᠴᠠᠭ ᠢᠮᠠᠭᠲᠠ ᠲᠡᠰ ᠳᠠᠪᠰᠢᠵᠤ ᠮᠡᠳᠡᠨᠠ᠃ | ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭᠠ ᠶᠢᠨ ᠠᠵᠠ ᠲᠣᠭᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ | ᠵᠡᠷᠭᠡ ᠪᠠᠷ ᠣᠷᠣᠰᠢᠵᠤ᠂ ᠲᠤᠬᠲᠠᠭᠠᠯᠲᠤ ᠪᠤᠰᠤ ᠴᠢᠨᠠᠷ ᠵᠢᠱᠢᠬᠦᠶᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭᠠ ᠴᠠᠭ | ᠦᠶᠡ ᠳᠤ ᠣᠷᠣᠵᠤ᠂ ᠡᠯᠡ ᠵᠦᠢᠯ ᠤᠨ ︽ᠬᠠᠷᠠ ᠬᠤᠨ︾᠂ ︽ᠰᠠᠭᠠᠷᠠᠯ ᠬᠡᠷᠢᠰ︾ ᠤᠨ ᠬᠡᠷᠡᠭ ᠬᠡᠵᠢᠶᠡ ᠴᠦ ᠡᠭᠦᠰᠴᠦ | ᠮᠡᠳᠡᠨᠠ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭᠠ ᠱᠤᠭᠤᠮ ᠤᠨ ᠰᠡᠳᠬᠢᠬᠦᠢ ᠶᠢ | ᠪᠠᠷᠢᠮᠲᠠᠯᠠᠨ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠡᠯᠡᠳᠬᠡᠯ ᠠᠵᠢᠯ ᠢ | ᠤᠷᠢᠳᠴᠢᠯᠠᠨ ᠬᠢᠵᠦ᠂ ᠰᠠᠯᠬᠢ ᠳᠠᠪᠠᠯᠭᠠᠨ ᠢ ᠲᠤᠭᠤᠯᠬᠤ ᠴᠢᠨᠠᠭᠰᠢᠯᠠᠪᠠᠯ ᠲᠤᠬᠰᠢᠨ ᠰᠠᠯᠬᠢ ᠰᠢᠷᠦᠭᠦᠨ ᠳᠠᠪᠠᠯᠭᠠᠨ ᠤ ᠬᠦᠨᠳᠦ | ᠶᠡᠭᠡ ᠰᠢᠯᠭᠠᠯᠲᠠ ᠶᠢ ᠲᠤᠭᠤᠯᠬᠤ ᠪᠡᠯᠡᠳᠬᠡᠯ ᠲᠠᠢ ᠪᠠᠶᠢᠬᠤ ᠬᠡᠷᠡᠭᠲᠡᠢ᠃ ᠤᠷᠤᠭᠰᠢᠯᠠᠯᠲᠠ ᠶᠢᠨ ᠵᠠᠮ ᠳᠤ ᠡᠷᠬᠡᠪᠰᠢ ᠳᠣᠣᠷᠠᠬᠢ | ᠴᠢᠬᠤᠯᠠ ᠶᠡᠭᠡ ᠵᠠᠷᠴᠢᠮ ᠤᠳ ᠢ ᠪᠠᠲᠤ ᠡᠵᠡᠮᠳᠡᠬᠦ ᠬᠡᠷᠡᠭᠲᠡᠢ᠃ | — ᠨᠠᠮ ᠤᠨ ᠪᠦᠭᠦ ᠲᠠᠯᠠ ᠶᠢᠨ ᠤᠳᠤᠷᠢᠳᠤᠯᠭᠠ ᠶᠢ ᠪᠠᠷᠢᠮᠲᠠᠯᠠᠨ ᠴᠢᠩᠭᠠᠳᠬᠠᠨᠠ᠃ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭᠠ ᠶᠢ ᠡᠷᠡᠰ ᠬᠠᠮᠠᠭᠠᠯᠠᠵᠤ᠂ ᠨᠠᠮ ᠤᠨ | ᠤᠳᠤᠷᠢᠳᠤᠯᠭᠠ ᠶᠢ ᠨᠠᠮ ᠪᠠ ᠤᠯᠤᠰ ᠤᠨ ᠠᠵᠢᠯ ᠦᠢᠯᠡᠰ ᠤᠨ ᠡᠯᠡ ᠬᠦᠷᠢᠶᠡ ᠡᠯᠡ ᠲᠠᠯᠠ ᠡᠯᠡ ᠭᠤᠭᠴᠤᠭᠠ ᠳᠤ | ᠨᠠᠶᠢᠳᠠᠪᠤᠷᠢᠵᠢᠭᠤᠯᠵᠤ᠂ ᠨᠠᠮ ᠢ ᠢᠮᠠᠭᠲᠠ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠲᠤᠯᠭᠠᠷᠠᠬᠤ ᠦᠶᠡ ᠳᠤ ᠪᠦᠭᠦ ᠠᠷᠠᠳ | ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠤᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ᠂ ᠪᠦᠯᠬᠦᠮᠳᠡᠨ ᠲᠡᠮᠡᠴᠡᠬᠦ | ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ᠂ ᠬᠥᠭᠵᠢᠯᠲᠡ ᠶᠢᠨ ᠢᠲᠡᠭᠡᠯ ᠵᠣᠷᠢᠭ ᠲᠠᠢ ᠪᠠᠶᠢᠬᠤ ᠶᠢ | ᠦᠨᠡᠨ ᠬᠦ ᠪᠠᠲᠤᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ | ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨᠠ᠃ | — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨᠠ᠃ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠᠷ ᠭᠤᠣᠯᠳᠠᠯᠭᠠ ᠪᠤᠯᠭᠠᠬᠤ ᠶᠢ ᠪᠠᠷᠢᠮᠲᠠᠯᠠᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ | ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠡᠶᠡ ᠪᠠᠨ ᠳᠠᠭᠠᠭᠠᠵᠤ ᠡᠵᠡᠨ ᠮᠡᠳᠡᠭᠦ᠂ ᠥᠪᠡᠷ ᠤᠨ | ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ | ᠪᠠᠶᠢᠬᠤ ᠶᠢ ᠪᠠᠷᠢᠮᠲᠠᠯᠠᠵᠤ᠂ ᠲᠦᠭᠵᠢᠮᠡᠯ ᠬᠥᠰᠢᠭᠦᠨ ᠬᠠᠭᠤᠴᠢᠨ ᠵᠠᠮ ᠢᠶᠠᠷ ᠶᠠᠪᠤᠬᠤ ᠦᠭᠡᠢ ᠪᠥᠭᠡᠳ ᠲᠤᠭ ᠲᠡᠮᠳᠡᠭ ᠢᠶᠠᠨ | ᠬᠠᠯᠠᠬᠤ ᠭᠠᠵᠢᠭᠤ ᠵᠠᠮ ᠢᠶᠠᠷ ᠶᠠᠪᠤᠬᠤ ᠦᠭᠡᠢ ᠪᠠᠶᠢᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ | ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ | ᠵᠠᠶᠠᠭᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠨᠠ᠃ | — ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭᠠ ᠶᠢ ᠪᠠᠷᠢᠮᠲᠠᠯᠠᠨᠠ᠃ ᠠᠷᠠᠳ | ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ | ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷᠡ | ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠲᠠᠰᠤᠷᠠᠯᠳᠠ ᠦᠭᠡᠢ ᠪᠡᠶᠡᠯᠡᠭᠦᠯᠵᠦ᠂ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠦᠷᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ | ᠬᠦᠷᠲᠡᠭᠡᠨᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨᠠ᠃ ᠥᠭᠡᠷᠡᠴᠢᠯᠡᠯᠲᠡ ᠬᠢᠵᠦ ᠰᠢᠨᠡ ᠶᠢ | ᠡᠭᠦᠳᠭᠦ ᠶᠢ ᠭᠦᠨᠵᠡᠭᠡᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠨᠡᠭᠡᠭᠡᠯᠲᠡ ᠬᠢᠬᠦ ᠶᠢ ᠥᠷᠭᠡᠳᠬᠡᠵᠦ᠂ ᠭᠦᠨ | ᠳᠠᠪᠬᠤᠷᠭᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ | ᠦᠷᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠤᠨᠠ᠃ | — ᠲᠡᠮᠡᠴᠡᠯ ᠤᠨ ᠵᠣᠷᠢᠭ ᠰᠠᠨᠠᠭᠠ ᠶᠢ ᠪᠠᠳᠠᠷᠠᠭᠤᠯᠬᠤ ᠶᠢ ᠪᠠᠷᠢᠮᠲᠠᠯᠠᠨᠠ᠃ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠴᠢᠩᠭᠠᠷᠠᠭᠤᠯᠵᠤ᠂ | ᠭᠠᠵᠢᠭᠤ ᠪᠤᠷᠤᠭᠤ ᠶᠢ ᠢᠲᠡᠭᠡᠭᠦ ᠦᠭᠡᠢ᠂ ᠪᠤᠭ ᠴᠢᠳᠬᠦᠷ ᠠᠴᠠ ᠠᠶᠤᠬᠤ ᠦᠭᠡᠢ᠂ ᠳᠠᠷᠤᠯᠲᠠ ᠠᠴᠠ ᠰᠦᠷᠳᠡᠭᠦ ᠦᠭᠡᠢ ᠪᠠᠷ | ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ ᠰᠥᠷᠦᠨ ᠤᠷᠤᠭᠰᠢᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯᠡ ᠵᠦᠢᠯ ᠤᠨ ᠬᠦᠴᠢᠷ ᠪᠡᠷᠬᠡᠰᠢᠶᠡᠯ | ᠪᠠ ᠥᠷᠢᠰᠦᠯᠳᠦᠭᠡᠨ ᠢ ᠪᠦᠭᠦ ᠬᠦᠴᠦᠨ ᠢᠶᠠᠷ ᠢᠶᠠᠨ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ | ᠠᠵᠢᠯ ᠦᠢᠯᠡᠰ ᠤᠨ ᠬᠥᠭᠵᠢᠯᠲᠡ ᠶᠢᠨ ᠰᠢᠨᠡ ᠬᠦᠷᠢᠶᠡ ᠶᠢ ᠨᠡᠭᠡᠭᠡᠨᠡ᠃ | ᠨᠥᠬᠦᠳ ᠠ᠋︕ ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠬᠠᠷᠠᠯᠲᠠ ᠶᠢ ᠪᠡᠶᠡᠯᠡᠭᠦᠯᠬᠦ ᠳᠤ ᠲᠡᠦᠬᠡ ᠶᠢᠨ ᠠᠯᠢ ᠴᠦ ᠦᠶᠡ ᠠᠴᠠ ᠢᠯᠡᠭᠦᠦ ᠣᠶᠢᠷᠠᠳᠴᠤ᠂ ᠨᠡᠩ ᠢᠯᠡᠭᠦᠦ ᠢᠲᠡᠭᠡᠯ ᠪᠠ | ᠴᠢᠳᠠᠪᠤᠷᠢ ᠲᠠᠢ ᠪᠣᠯᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤ ᠪᠡᠷᠬᠡ ᠲᠠᠢ᠂ ᠨᠡᠩ ᠰᠢᠷᠭᠠᠭᠤ ᠬᠠᠲᠠᠭᠤᠵᠢᠯᠲᠠᠢ | ᠴᠢᠷᠮᠠᠶᠢᠯᠭᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ | ᠵᠣᠷᠢᠭᠲᠠᠢ ᠵᠢᠳᠬᠦᠵᠦ᠂ ᠰᠠᠨᠠᠭᠠᠴᠢᠯᠠᠭᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ | ᠬᠤᠪᠢᠷᠠᠯᠲᠠ ᠶᠢ ᠡᠷᠢᠯᠬᠢᠯᠡᠵᠦ᠂ ᠠᠶᠤᠯ ᠲᠦᠭᠰᠢᠭᠦᠷᠢ ᠶᠢ ᠰᠠᠨᠠᠭᠠᠴᠢᠯᠠᠭᠠ ᠠᠴᠠ ᠪᠠᠨ ᠰᠡᠷᠭᠡᠶᠢᠯᠡᠨ ᠠᠷᠢᠯᠭᠠᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠰᠢᠨᠡ ᠢᠯᠠᠯᠲᠠ ᠶᠢ ᠲᠠᠰᠤᠷᠠᠯᠲᠠ ᠦᠭᠡᠢ | ᠲᠡᠮᠡᠴᠡᠨ ᠣᠯᠰᠤᠭᠠᠢ︕ | ᠳᠥᠷᠪᠡ᠂ ᠰᠢᠨᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠤᠨᠠ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ | ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠬᠥᠭᠵᠢᠭᠦᠯᠬᠦ ᠪᠣᠯ ᠨᠠᠮ ᠤᠨ ᠲᠥᠷᠥ ᠪᠠᠷᠢᠵᠤ ᠤᠯᠤᠰ ᠢᠶᠠᠨ | ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨᠠ᠃ ᠪᠣᠳᠠᠰ ᠤᠨ ᠪᠠ ᠮᠡᠷᠭᠡᠵᠢᠯ ᠤᠨ ᠪᠠᠲᠤ ᠰᠠᠭᠤᠷᠢ ᠪᠠᠶᠢᠬᠤ | ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠵᠤ | ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠶᠢᠨ ᠰᠢᠨᠡ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠴᠠᠲᠠᠢ᠂ | ᠪᠦᠭᠦ ᠲᠠᠯᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠵᠠᠬᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ | ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ᠂ ᠤᠯᠤᠰ ᠤᠨ ᠳᠣᠲᠣᠭᠠᠳᠤ ᠶᠢᠨ ᠪᠠ ᠣᠯᠠᠨ | ᠤᠯᠤᠰ ᠤᠨ ᠬᠤᠣᠰ ᠣᠷᠴᠢᠯ ᠤᠨ ᠬᠠᠷᠢᠯᠴᠠᠨ ᠠᠬᠢᠭᠤᠯᠤᠯᠴᠠᠭᠰᠠᠨ ᠬᠥᠭᠵᠢᠯᠲᠡ ᠶᠢᠨ ᠰᠢᠨᠡ ᠪᠠᠶᠢᠷᠢᠰᠢᠯ ᠢ ᠲᠦᠷᠭᠡᠳᠬᠡᠨ | ᠪᠠᠶᠢᠭᠤᠯᠤᠨᠠ᠃ | ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠬᠤ ᠶᠢ ᠪᠠᠷᠢᠮᠲᠠᠯᠠᠨ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭᠠ ᠶᠢ ᠬᠡᠷᠡᠭᠵᠢᠭᠦᠯᠬᠦ ᠶᠢ ᠬᠠᠩᠭᠠᠯᠭᠠ ᠶᠢᠨ ᠲᠠᠯᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠯᠦᠭᠡ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠳᠣᠲᠣᠭᠠᠳᠤ ᠬᠦᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠴᠢᠩᠭᠠᠳᠬᠠᠨ᠂ ᠣᠯᠠᠨ ᠤᠯᠤᠰ ᠤᠨ ᠣᠷᠴᠢᠯ ᠤᠨ | ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ | ᠬᠡᠯᠬᠢᠶᠡ ᠪᠠ ᠬᠠᠩᠭᠠᠯᠭᠠ ᠶᠢᠨ ᠬᠡᠯᠬᠢᠶᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠡᠮᠵᠢᠶᠡ ᠶᠢ ᠬᠦᠴᠦᠯᠡᠨ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠣᠯᠣᠨ ᠲᠤᠭᠠ ᠬᠡᠮᠵᠢᠶᠡᠨ ᠤ | ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨᠠ᠃ | ︵ᠨᠢᠭᠡ︶ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠢ ᠪᠠᠶᠢᠭᠤᠯᠤᠨᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ | ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠪᠠᠷ ᠵᠣᠷᠢᠭᠵᠢᠭᠤᠯᠤᠨ | ᠳᠡᠮᠵᠢᠭᠦ ᠪᠠ ᠬᠥᠲᠥᠯᠥᠨ ᠵᠢᠯᠤᠭᠤᠳᠴᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬᠠ ᠳᠡᠯᠭᠡᠭᠦᠷ ᠤᠨ | ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ | ᠪᠠᠳᠠᠷᠠᠭᠤᠯᠤᠨᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ | ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ | ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ | ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨᠡ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨᠠ᠃ | ᠳᠤᠮᠳᠠᠳᠤ ᠤᠯᠤᠰ ᠤᠨ ᠣᠨᠴᠠᠯᠢᠭ ᠲᠠᠢ ᠣᠳᠣ ᠦᠶᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠠᠵᠤ | ᠠᠬᠤᠶᠢᠯᠠᠯᠲᠠᠨ ᠤ ᠵᠣᠷᠢᠭ ᠰᠠᠨᠠᠭᠠ ᠶᠢ ᠪᠠᠳᠠᠷᠠᠭᠤᠯᠤᠨ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ | ᠲᠦᠷᠭᠡᠳᠬᠡᠨ ᠪᠠᠶᠢᠭᠤᠯᠤᠨᠠ᠃ ᠳᠤᠮᠳᠠ ᠪᠠᠭᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨᠡ᠃ ᠵᠠᠰᠠᠭ ᠢ | ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬᠠ ᠳᠡᠯᠭᠡᠭᠦᠷ ᠢ ᠪᠠᠶᠢᠭᠤᠯᠵᠤ᠂ | ᠡᠯᠧᠮᠧᠨ᠋ᠲ ᠤᠨ ᠵᠠᠬᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠠᠷᠢᠮᠵᠢᠶᠠᠲᠤ ᠵᠠᠬᠠ | ᠳᠡᠯᠭᠡᠭᠦᠷ ᠤᠨ ᠰᠢᠰᠲ᠋ᠧᠮ ᠢ ᠪᠠᠶᠢᠭᠤᠯᠤᠨᠠ᠃ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠵᠠᠬᠠ ᠳᠡᠯᠭᠡᠭᠦᠷ ᠤᠨ ᠠᠵᠤ | ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨᠡ | ᠃ ᠬᠤᠷᠸᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠡᠳ᠋ ᠤᠨ | ᠵᠠᠰᠠᠭ ᠤᠨ ᠲᠥᠷᠥ ᠶᠢᠨ ᠪᠣᠳᠣᠯᠭᠠ ᠪᠠ ᠵᠣᠭᠤᠰᠤᠨ ᠤ ᠲᠥᠷᠥ ᠶᠢᠨ ᠪᠣᠳᠣᠯᠭᠠ ᠶᠢᠨ ᠵᠣᠬᠢᠴᠠᠭᠤᠯᠭᠠ ᠬᠠᠮᠵᠢᠯᠴᠠᠭᠠ ᠶᠢ | ᠴᠢᠩᠭᠠᠳᠬᠠᠨ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢᠨ ᠠᠵᠤ ᠠᠬᠤᠢ ᠶᠢᠨ | ᠬᠥᠭᠵᠢᠯᠲᠡ ᠳᠤ ᠦᠵᠡᠭᠦᠯᠭᠦ ᠰᠠᠭᠤᠷᠢ ᠴᠢᠨᠠᠷᠲᠠᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠬᠠᠩᠭᠠᠯᠭᠠ ᠶᠢᠨ | ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠭᠦ ᠵᠠᠩᠭᠢᠯᠠᠭᠠ ᠶᠢᠨ ᠦᠢᠯᠡᠳᠦᠯ ᠢ ᠴᠢᠩᠭᠠᠳᠬᠠᠨᠠ᠃ ᠣᠳᠣ ᠦᠶᠡ ᠶᠢᠨ | ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢᠨ ᠳᠦᠷᠢᠮ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ ᠤᠨ | ᠵᠠᠰᠠᠭ ᠤᠨ ᠰᠢᠯᠵᠢᠭᠦᠯᠦᠨ ᠥᠭᠭᠦ ᠰᠢᠰᠲ᠋ᠧᠮ ᠢ ᠲᠡᠭᠦᠯᠳᠡᠷᠵᠢᠭᠦᠯᠦᠨᠡ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠳᠣ ᠦᠶᠡ ᠶᠢᠨ ᠲᠥᠪ ᠪᠠᠩᠬᠢ ᠶᠢᠨ ᠳᠦᠷᠢᠮ ᠢ ᠪᠠᠶᠢᠭᠤᠯᠵᠤ᠂ ᠣᠳᠣ | ᠦᠶᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠥᠩᠭᠦᠨ | ᠭᠦᠢᠯᠭᠡᠭᠡᠨ ᠤ ᠲᠣᠭᠲᠠᠭᠤᠨ ᠪᠠᠶᠢᠳᠠᠯ ᠢ ᠪᠠᠲᠤᠯᠠᠬᠤ ᠰᠢᠰᠲ᠋ᠧᠮ ᠢ ᠴᠢᠩᠭᠠᠷᠠᠭᠤᠯᠤᠨ᠂ ᠡᠯᠡ ᠲᠥᠷᠥᠯ ᠤᠨ ᠮᠥᠩᠭᠦᠨ | ᠭᠦᠢᠯᠭᠡᠭᠡᠨ ᠤ ᠠᠵᠢᠯᠯᠠᠭᠠ ᠶᠢ ᠪᠦᠭᠦᠨ ᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠰᠢᠰᠲ᠋ᠧᠮ ᠤᠨ | ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭᠠ ᠱᠤᠭᠤᠮ ᠢ ᠰᠠᠬᠢᠨᠠ᠃ ᠬᠥᠷᠥᠩᠭᠡ ᠶᠢᠨ ᠵᠠᠬᠠ ᠳᠡᠯᠭᠡᠭᠦᠷ ᠤᠨ | ᠴᠢᠳᠠᠮᠵᠢ ᠶᠢ ᠲᠡᠭᠦᠯᠳᠡᠷᠵᠢᠭᠦᠯᠵᠦ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠦᠨᠡ᠃ ᠭᠠᠭᠴᠠᠭᠠᠷ | ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ | ᠬᠠᠮᠠᠭᠠᠯᠠᠯᠲᠠ ᠪᠣᠯᠣᠨ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ ᠡᠪᠳᠡᠵᠦ᠂ ᠬᠥᠷᠥᠩᠭᠡ ᠶᠢᠨ ᠡᠷᠡᠭᠦᠯ ᠢᠶᠠᠷ | ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠤᠨ ᠬᠥᠲᠥᠯᠥᠨ ᠵᠢᠯᠣᠭᠤᠳᠤᠨᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨᠠ᠃ ᠠᠵᠤ ᠠᠬᠤᠢ ᠶᠢ ᠬᠥᠭᠵᠢᠭᠦᠯᠬᠦ | ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷᠡ ᠲᠠᠯᠪᠢᠬᠤ ᠶᠢ ᠪᠠᠷᠢᠮᠲᠠᠯᠠᠵᠤ᠂ ᠰᠢᠨᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ | ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠤ ᠬᠦᠴᠦᠷᠬᠡᠭ ᠤᠯᠤᠰ᠂ | ᠢᠨᠲ᠋ᠧᠷ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠤᠨᠠ᠃ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠢᠨᠵᠧᠨᠧᠷᠢᠩ ᠪᠣᠯᠣᠨ ᠴᠢᠬᠤᠯᠠ ᠶᠡᠭᠡ ᠲᠦ᠋ᠭᠨᠢᠭ | ᠮᠡᠷᠭᠡᠵᠢᠯ ᠤᠨ ᠮᠠᠰᠢᠨ ᠲᠣᠨᠣᠭᠯᠠᠯ ᠤᠨ ᠪᠣᠭᠤᠮᠲᠠ ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠲᠤᠰᠬᠠᠶᠢᠵᠢᠭᠰᠠᠨ | ᠨᠠᠷᠢᠯᠢᠭᠵᠢᠭᠰᠠᠨ ᠣᠨᠴᠠᠯᠢᠭᠲᠤ ᠰᠢᠨᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠢᠯᠡᠳᠭᠦ ᠦᠢᠯᠡᠰ ᠤᠨ | ᠳᠡᠭᠡᠳᠦ ᠳᠡᠰᠵᠢᠭᠦ᠂ ᠣᠶᠤᠨᠴᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨᠠ᠃ ᠳᠠᠪᠠᠭᠤᠯᠢᠭᠲᠤ ᠠᠵᠤ | ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠦᠨ᠂ ᠠᠮᠤᠷ ᠲᠦᠪᠰᠢᠨ ᠬᠥᠭᠵᠢᠯᠲᠡ ᠳᠤ ᠬᠤᠯᠪᠣᠭᠳᠠᠬᠤ | ᠬᠦᠷᠢᠶᠡ ᠴᠠᠷᠠᠭᠠᠨ ᠳᠠᠬᠢ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠠᠶᠢᠯᠳᠤᠬᠤ ᠪᠣᠳᠣᠯᠭᠠ ᠶᠢᠨ ᠴᠢᠨᠠᠷᠲᠠᠢ ᠡᠬᠢ | ᠪᠠᠶᠠᠯᠢᠭ ᠤᠨ ᠬᠠᠩᠭᠠᠯᠭᠠ ᠶᠢᠨ ᠪᠠᠲᠤᠯᠠᠭᠠ ᠶᠢᠨ ᠴᠢᠳᠠᠪᠤᠷᠢ ᠶᠢ ᠳᠡᠭᠡᠭᠰᠢᠯᠡᠭᠦᠯᠦᠨᠡ᠃ ᠪᠠᠶᠢᠯᠳᠤᠬᠤ ᠪᠣᠳᠣᠯᠭᠠ ᠶᠢᠨ | ᠴᠢᠨᠠᠷᠲᠠᠢ ᠰᠢᠨᠡ ᠪᠠᠷ ᠬᠥᠭᠵᠢᠵᠦ ᠪᠠᠶᠢᠭᠠ ᠠᠵᠤ ᠦᠢᠯᠡᠰ ᠤᠨ ᠠᠭᠤᠰᠤᠯᠴᠠᠨ ᠪᠦᠯᠦᠭᠵᠢᠵᠦ ᠭᠦᠭᠵᠢᠭᠦ ᠶᠢ ᠠᠬᠢᠭᠤᠯᠵᠤ᠂ | ᠰᠢᠨᠡ ᠨᠢᠭᠡ ᠦᠶᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠮᠡᠷᠭᠡᠵᠢᠯ᠂ | ᠰᠢᠨᠡ ᠡᠨᠧᠷᠭᠢ᠂ ᠰᠢᠨᠡ ᠮᠠᠲ᠋ᠧᠷᠢᠶᠠᠯ᠂ ᠳᠡᠭᠡᠳᠦ ᠳᠡᠰ ᠤᠨ ᠮᠠᠰᠢᠨ ᠲᠣᠨᠣᠭᠯᠠᠯ᠂ ᠪᠣᠬᠢᠷᠳᠤᠯ ᠦᠭᠡᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠨᠢᠭᠡ ᠪᠦᠯᠦᠭ ᠰᠢᠨᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠤᠨᠠ᠃ ᠴᠢᠨᠠᠷ ᠰᠠᠶᠢᠲᠠᠢ | ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨᠡ ᠰᠢᠰᠲ᠋ᠧᠮ ᠢ ᠪᠠᠶᠢᠭᠤᠯᠵᠤ᠂ ᠣᠳᠣ ᠦᠶᠡ ᠶᠢᠨ | ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠭᠦ ᠦᠢᠯᠡᠰ᠂ ᠣᠳᠣ ᠦᠶᠡ ᠶᠢᠨ ᠬᠥᠳᠡᠭᠡ ᠠᠵᠤ ᠠᠬᠤᠢ ᠲᠠᠢ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨᠠ᠃ ᠪᠣᠳᠠᠰ ᠤᠳ ᠢ ᠬᠠᠷᠢᠯᠴᠠᠨ ᠬᠤᠯᠪᠣᠬᠤ ᠢᠨᠲ᠋ᠧᠷ ᠰᠦᠯᠵᠢᠶᠡ ᠶᠢ ᠲᠦᠷᠭᠡᠳᠬᠡᠨ | ᠬᠥᠭᠵᠢᠭᠦᠯᠵᠦ᠂ ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ᠂ ᠡᠳ᠋ | ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨᠠ᠃ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ | ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ | ᠪᠦᠯᠦᠭᠵᠢᠯ ᠢ ᠴᠣᠭᠴᠠᠯᠠᠨᠠ᠃ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ᠂ ᠪᠦᠲᠦᠴᠡ᠂ ᠴᠢᠳᠠᠮᠵᠢ ᠪᠠ ᠰᠢᠰᠲ᠋ᠧᠮ ᠤᠨ | ᠴᠤᠭᠯᠠᠷᠠᠯ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯᠠ ᠪᠠᠷ ᠠᠬᠢᠭᠤᠯᠤᠨᠠ᠃ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ ᠬᠠᠲᠠᠭᠤᠵᠢᠯᠲᠠᠢ | ᠬᠠᠮᠤᠭ ᠤᠨ ᠨᠦᠰᠡᠷ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠠᠶᠢᠨᠠ᠃ ᠬᠥᠳᠡᠭᠡ ᠠᠵᠤ ᠠᠬᠤᠢ ᠬᠥᠳᠡᠭᠡ | ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠵᠤ᠂ ᠬᠤᠳᠠ ᠬᠥᠳᠡᠭᠡ ᠶᠢᠨ ᠬᠦᠴᠦᠨ ᠵᠦᠢᠯᠡᠰ ᠤᠨ ᠰᠢᠯᠵᠢᠯᠲᠡ ᠶᠢ ᠰᠢᠯᠤᠭᠤᠳᠬᠠᠨᠠ᠃ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ | ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠤᠨᠠ᠃ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯᠠ ᠪᠠᠷ ᠪᠠᠬᠢᠵᠢᠭᠦᠯᠦᠨ | ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭᠠ ᠡᠭᠦᠷᠭᠡᠯᠡᠬᠦ ᠶᠢ ᠪᠦᠭᠦ ᠲᠠᠯᠠ ᠪᠠᠷ | ᠨᠠᠶᠢᠳᠠᠪᠤᠷᠢᠵᠢᠭᠤᠯᠵᠤ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠦᠷᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠ ᠶᠢ ᠭᠦᠨᠵᠡᠭᠡᠢ | ᠬᠡᠷᠡᠭᠵᠢᠭᠦᠯᠦᠨ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯᠣᠨ ᠲᠣᠨᠣᠭᠯᠠᠯ ᠤᠨ | ᠲᠤᠯᠭᠠᠭᠤᠷᠢᠯᠠᠯ ᠢ ᠴᠢᠩᠭᠠᠳᠬᠠᠵᠤ᠂ ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠳ ᠤᠨ ᠠᠰᠢᠭ ᠣᠷᠣᠯᠭᠠ ᠶᠢ | ᠪᠠᠲᠤᠯᠠᠬᠤ ᠲᠣᠭᠲᠠᠴᠠ ᠪᠣᠯᠣᠨ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ | ᠪᠦᠷᠢᠨᠰᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ ᠦᠨᠡᠨ ᠬᠦ | ᠪᠠᠲᠤᠯᠠᠨᠠ᠃ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ | ᠢᠳᠡᠭᠡᠨ ᠤ ᠣᠯᠠᠨ ᠡᠰᠢᠵᠢᠭᠰᠡᠨ ᠬᠠᠩᠭᠠᠯᠭᠠ ᠶᠢᠨ ᠰᠢᠰᠲ᠋ᠧᠮ ᠢ ᠪᠠᠶᠢᠭᠤᠯᠤᠨᠠ᠃ ᠬᠥᠳᠡᠭᠡ ᠲᠣᠰᠬᠤᠨ ᠤ ᠣᠨᠴᠠᠯᠢᠭᠲᠤ | ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭᠠ ᠪᠠᠨ ᠨᠡᠮᠡᠭᠳᠡᠭᠦᠯᠵᠦ ᠪᠠᠶᠠᠵᠢᠬᠤ ᠠᠷᠭᠠ ᠵᠠᠮ ᠢ | ᠥᠷᠭᠡᠳᠬᠡᠨᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠰᠠᠨ ᠣᠯᠠᠨ | ᠲᠦᠮᠡᠨ ᠤ ᠳᠣᠲᠣᠭᠠᠳᠤ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨᠠ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠤᠨᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ᠂ ᠰᠢᠨᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨᠡ | ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ | ᠬᠥᠭᠵᠢᠭᠦᠯᠵᠦ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨᠡ᠃ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠲᠤ ᠨᠠᠩ | ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨᠠ᠃ ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠳ ᠤᠨ | ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ ᠬᠠᠤᠯᠢ ᠶᠣᠰᠣᠭᠠᠷ ᠰᠠᠶᠢᠨ ᠳᠤᠷᠠ ᠠᠴᠠ ᠪᠠᠨ ᠦᠨᠡ | ᠲᠥᠯᠥᠪᠦᠷᠢ ᠲᠠᠢ ᠪᠠᠷ ᠰᠢᠯᠵᠢᠭᠦᠯᠭᠦ ᠶᠢ ᠵᠣᠷᠢᠭᠵᠢᠭᠤᠯᠤᠨᠠ᠃ ᠬᠥᠳᠡᠭᠡ ᠠᠵᠤ ᠠᠬᠤᠢ ᠶᠢ ᠲᠡᠮᠵᠢᠵᠦ ᠬᠠᠮᠠᠭᠠᠯᠠᠬᠤ ᠳᠦᠷᠢᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨᠡ | ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨᠠ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭᠠ᠂ | ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭᠠ᠂ ᠰᠢᠨᠡ ᠭᠡᠯᠪᠡᠷᠢ ᠶᠢᠨ ᠬᠤᠳᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭᠠ ᠶᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ | ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ | ᠠᠬᠢᠭᠤᠯᠤᠨ ᠰᠢᠨᠡ ᠪᠠᠶᠢᠷᠢᠰᠢᠯ ᠢ ᠪᠤᠢ ᠪᠤᠯᠭᠠᠵᠦ᠂ ᠵᠡᠭᠦᠨ ᠬᠤᠶᠢᠲᠤ ᠣᠷᠣᠨ ᠢ ᠪᠦᠭᠦ ᠲᠠᠯᠠ ᠪᠠᠷ ᠬᠥᠭᠵᠢᠭᠦᠯᠦᠨ | ᠮᠠᠨᠳᠤᠭᠤᠯᠬᠤ ᠠᠵᠢᠯ ᠳᠤ ᠰᠢᠨᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠ ᠪᠡᠶᠡ ᠶᠢᠨ ᠭᠠᠵᠠᠷ ᠣᠷᠣᠨ ᠤ | ᠲᠦᠷᠭᠡᠪᠴᠢᠯᠡᠨ ᠭᠦᠭᠵᠢᠭᠦ ᠶᠢ ᠠᠬᠢᠭᠤᠯᠵᠤ᠂ ᠵᠡᠭᠦᠨ ᠪᠡᠶᠡ ᠶᠢᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠬᠤ ᠶᠢ ᠵᠣᠷᠢᠭᠵᠢᠭᠤᠯᠤᠨᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ | ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ | ᠠᠬᠢᠭᠤᠯᠤᠨᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ | ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨᠠ᠃ ᠰᠢᠶᠦ᠋ᠩ ᠠᠨ ᠰᠢᠨᠡ ᠲᠣᠭᠤᠷᠢᠭ ᠢ ᠥᠨᠳᠥᠷ ᠪᠠᠷᠢᠮᠵᠢᠶᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ | ᠴᠧᠩᠳᠦ᠋ ᠴᠦᠩᠴᠢᠩ ᠤᠨ ᠭᠠᠵᠠᠷ ᠣᠷᠣᠨ ᠤ ᠬᠤᠣᠰ ᠬᠤᠳᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ ᠲᠡᠭᠦᠯᠳᠡᠷᠵᠢᠭᠦᠯᠵᠦ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨᠡ᠃ | ᠬᠥᠮᠥᠨ ᠢᠶᠠᠷ ᠭᠤᠣᠯ ᠪᠤᠯᠭᠠᠬᠰᠠᠨ ᠰᠢᠨᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠲᠠᠷᠢᠶᠠᠯᠠᠩ ᠠᠴᠠ | ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠨᠡ᠃ ᠬᠤᠲᠠ ᠶᠢᠨ ᠰᠦᠷᠦᠭᠵᠢᠯ᠂ | ᠬᠤᠲᠠ ᠶᠢᠨ ᠴᠠᠭᠠᠷᠢᠭ ᠢᠶᠠᠷ ᠲᠦᠰᠢᠭ ᠪᠣᠯᠭᠠᠨ ᠲᠣᠮᠣ ᠳᠤᠮᠳᠠ ᠪᠠᠭᠠ ᠬᠤᠲᠠ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨᠠ᠃ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ | ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ ᠶᠢ ᠪᠠᠷᠢᠮᠲᠠᠯᠠᠨ᠂ ᠬᠤᠲᠠ ᠶᠢᠨ ᠲᠥᠯᠦᠪᠵᠢᠭᠦᠯᠭᠡ᠂ ᠪᠦᠲᠦᠭᠡᠨ | ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ | ᠬᠥᠭᠵᠢᠯᠲᠡ ᠶᠢᠨ ᠠᠷᠭᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠲᠠ ᠶᠢ ᠰᠢᠨᠡᠳᠬᠡᠬᠦ ᠠᠵᠢᠯᠯᠠᠭᠠ ᠶᠢ | ᠬᠡᠷᠡᠭᠵᠢᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ ᠶᠢ ᠪᠦᠲᠦᠭᠡᠨ ᠪᠠᠶᠢᠭᠤᠯᠤᠨᠠ᠃ | ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠵᠦ᠂ ᠳᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ | ᠬᠠᠮᠠᠭᠠᠯᠠᠵᠤ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨᠠ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨᠠ᠃ ᠮᠠᠨ ᠤ ᠤᠯᠤᠰ ᠤᠨ ᠭᠡᠳᠤ | ᠶᠡᠭᠡ ᠬᠡᠪᠴᠢᠶᠡᠨ ᠤ ᠵᠠᠬᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠵᠠᠬᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠷᠡ | ᠠᠰᠢᠭ ᠢ ᠨᠡᠮᠡᠭᠳᠡᠭᠦᠯᠦᠨ᠂ ᠠᠷᠠᠯᠵᠢᠶᠠ ᠪᠡᠯᠡ ᠣᠷᠣᠭᠤᠯᠤᠯᠲᠠ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ | ᠳᠡᠭᠡᠭᠰᠢᠯᠡᠭᠦᠯᠦᠨᠡ᠃ ᠳᠦᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶᠠ ᠵᠡᠷᠭᠡ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨᠡ᠃ ᠪᠠᠷᠠᠭᠠᠨ ᠤ ᠠᠷᠠᠯᠵᠢᠶᠠ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ | ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠣᠭᠲᠠᠴᠠ ᠶᠢᠨ ᠰᠢᠨᠡ ᠶᠢ ᠡᠭᠦᠳᠦᠨ᠂ | ᠲᠣᠭᠠᠴᠢᠯᠠᠭᠰᠠᠨ ᠠᠷᠠᠯᠵᠢᠶᠠ ᠶᠢ ᠬᠥᠭᠵᠢᠭᠦᠯᠵᠦ᠂ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠤᠨᠠ᠃ ᠭᠠᠳᠠᠭᠠᠳᠤ ᠪᠡᠯᠡ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯᠠ ᠶᠢᠨ ᠨᠠᠷᠢᠨ ᠳᠠᠩᠰᠠ ᠶᠢ ᠵᠣᠬᠢᠰᠲᠠᠢ | ᠪᠠᠭᠠᠰᠬᠠᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠵᠤ᠂ ᠵᠠᠬᠠ ᠳᠡᠯᠭᠡᠭᠦᠷᠵᠢᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭᠠ ᠡᠷᠭᠢᠯᠡᠭᠦ | ᠣᠷᠴᠢᠨ ᠨᠥᠬᠦᠴᠡᠯ ᠢ ᠪᠤᠢ ᠪᠣᠯᠭᠠᠨᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨᠠ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠵᠡᠭᠦᠨ ᠪᠡᠶᠡ ᠶᠢᠨ ᠲᠠᠯᠠᠢ ᠳᠠᠭᠠᠤ ᠣᠷᠣᠨ ᠤ ᠨᠡᠭᠡᠭᠡᠯᠲᠡ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠶᠢ | ᠪᠠᠬᠢᠵᠢᠭᠦᠯᠦᠨ᠂ ᠳᠤᠮᠳᠠ ᠪᠡᠶᠡ ᠪᠠᠷᠠᠭᠤᠨ ᠪᠡᠶᠡ ᠶᠢᠨ ᠭᠠᠵᠠᠷ ᠣᠷᠣᠨ ᠪᠣᠯᠣᠨ ᠵᠡᠭᠦᠨ ᠬᠤᠶᠢᠲᠤ ᠣᠷᠣᠨ ᠤ ᠨᠡᠭᠡᠭᠡᠯᠲᠡ ᠶᠢᠨ | ᠲᠦᠪᠰᠢᠨ ᠢ ᠳᠡᠭᠡᠭᠰᠢᠯᠡᠭᠦᠯᠦᠨᠡ᠃ ᠪᠠᠷᠠᠭᠤᠨ ᠣᠷᠣᠨ ᠤ ᠡᠬᠡ ᠬᠠᠭᠤᠷᠠᠢ ᠲᠠᠯᠠᠢ ᠲᠠᠩᠭᠢᠰ ᠤᠨ ᠰᠢᠨᠡ ᠨᠡᠪᠲᠡᠷᠡᠬᠦ ᠵᠠᠮ ᠢ | ᠲᠦᠷᠭᠡᠳᠬᠡᠨ ᠪᠦᠲᠦᠭᠡᠨ ᠪᠠᠶᠢᠭᠤᠯᠤᠨᠠ᠃ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠲᠦᠷᠭᠡᠳᠬᠡᠨ ᠪᠦᠲᠦᠭᠡᠨ | ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭᠠ ᠶᠢ | ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ | ᠲᠣᠣᠷ ᠢ ᠥᠷᠭᠡᠳᠬᠡᠨᠡ᠃ ᠠᠷᠠᠳ ᠤᠨ ᠵᠣᠭᠤᠰ ᠤᠨ ᠳᠡᠯᠡᠬᠡᠶᠢᠵᠢᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨᠠ᠃ ᠪᠦᠭᠦ | ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭᠠ ᠳᠤ ᠭᠦᠨᠵᠡᠭᠡᠢ ᠣᠷᠣᠯᠴᠠᠵᠤ᠂ ᠤᠯᠠᠨ | ᠡᠰᠢᠲᠦ ᠪᠥᠭᠡᠳ ᠲᠣᠭᠲᠠᠪᠤᠷᠢᠲᠠᠢ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ ᠪᠠ ᠠᠵᠤ ᠠᠬᠤᠢ ᠠᠷᠠᠯᠵᠢᠶᠠᠨ ᠤ | ᠬᠠᠷᠢᠴᠠᠭᠠ ᠶᠢ ᠬᠠᠮᠠᠭᠠᠯᠠᠨᠠ᠃ | ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭᠠ ᠶᠢ | ᠬᠡᠷᠡᠭᠵᠢᠭᠦᠯᠵᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨᠠ | | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ ᠪᠠᠶᠢᠯᠳᠤᠬᠤ | ᠪᠣᠳᠣᠯᠭᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ | ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨᠡ ᠶᠢ ᠡᠭᠦᠳᠭᠦ ᠪᠣᠯ ᠨᠢᠭᠡᠳᠦᠭᠡᠷ | ᠬᠦᠳᠡᠯᠭᠡᠬᠦ ᠬᠦᠴᠦᠨ ᠪᠤᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠪᠠᠶᠢᠯᠳᠤᠬᠤ ᠪᠣᠳᠣᠯᠭᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭᠠ᠂ | ᠰᠢᠨᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭᠠ ᠶᠢ ᠭᠦᠨᠵᠡᠭᠡᠢ ᠬᠡᠷᠡᠭᠵᠢᠭᠦᠯᠵᠦ᠂ | ᠬᠥᠭᠵᠢᠯᠲᠡ ᠶᠢᠨ ᠰᠢᠨᠡ ᠬᠦᠷᠢᠶᠡ ᠴᠠᠷᠠᠭᠠ ᠰᠢᠨᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨᠡ | ᠬᠦᠳᠡᠯᠭᠡᠬᠦ ᠡᠨᠧᠷᠭᠢ ᠰᠢᠨᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠨᠠ᠃ | ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯᠠ ᠪᠠᠷ ᠪᠡᠶᠡ ᠪᠠᠨ ᠳᠠᠭᠠᠭᠠᠵᠤ ᠬᠦᠴᠦᠷᠬᠡᠭᠵᠢᠬᠦ᠂ ᠴᠢᠳᠠᠪᠤᠷᠢᠲᠠᠨ ᠤ ᠳᠠᠭᠠᠭᠤᠯᠭᠠ ᠪᠠᠷ ᠬᠥᠳᠡᠯᠭᠡᠭᠦᠷ ᠪᠤᠯᠭᠠᠬᠤ ᠶᠢ | ᠪᠠᠷᠢᠮᠲᠠᠯᠠᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠶᠢ ᠪᠠᠷᠢᠮᠲᠠᠯᠠᠨ᠂ ᠴᠢᠳᠠᠪᠤᠷᠢᠲᠠᠨ ᠢ ᠪᠡᠶᠡ ᠪᠠᠨ | ᠳᠠᠭᠠᠭᠠᠵᠤ ᠬᠥᠮᠥᠵᠢᠭᠦᠯᠬᠦ ᠴᠢᠨᠠᠷ ᠴᠢᠨᠰᠠᠭᠠ ᠶᠢ ᠪᠦᠭᠦ ᠲᠠᠯᠠ ᠪᠠᠷ ᠳᠡᠭᠡᠭᠰᠢᠯᠡᠭᠦᠯᠵᠦ᠂ ᠰᠢᠨᠡ ᠶᠢ ᠡᠭᠦᠳᠭᠦ ᠣᠷᠦ᠋ᠢᠯᠠᠭᠰᠠᠨ | ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨᠡ᠃ | | ︵ᠨᠢᠭᠡ︶ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨᠠ᠃ ᠰᠤᠷᠭᠠᠨ | ᠬᠥᠮᠦᠵᠢᠯ ᠪᠣᠯ ᠤᠯᠤᠰ ᠤᠨ ᠶᠡᠭᠡ ᠪᠣᠳᠣᠯᠭᠠ᠂ ᠨᠠᠮ ᠤᠨ ᠶᠡᠭᠡ ᠪᠣᠳᠣᠯᠭᠠ ᠮᠥᠨ᠃ ᠶᠠᠮᠠᠷ ᠬᠥᠮᠥᠨ ᠢ ᠬᠥᠮᠥᠵᠢᠭᠦᠯᠬᠦ᠂ | ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ | ᠠᠰᠠᠭᠤᠳᠠᠯ ᠮᠥᠨ᠃ ᠬᠥᠮᠥᠨ ᠢ ᠬᠥᠮᠥᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠤᠢ ᠪᠤᠯᠭᠠᠬᠤ ᠳᠤ ᠪᠠᠶᠢᠨᠠ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ | ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶᠡ | ᠮᠠᠬᠠᠪᠤᠳ ᠭᠤᠸᠠ ᠰᠠᠶᠢᠬᠠᠨ ᠭᠦᠳᠡᠯᠮᠦᠷᠢ ᠪᠦᠭᠦ ᠲᠠᠯᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ | ᠪᠠ ᠵᠠᠯᠭᠠᠮᠵᠢᠯᠠᠭᠴᠢ ᠶᠢ ᠬᠥᠮᠥᠵᠢᠭᠦᠯᠦᠨᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ ᠰᠤᠷᠭᠠᠨ ᠬᠥᠮᠦᠵᠢᠯ ᠢ | ᠬᠥᠭᠵᠢᠭᠦᠯᠬᠦ ᠶᠢ ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪ | ᠪᠣᠯᠪᠠᠰᠤᠷᠠᠯ ᠤᠨ ᠰᠤᠷᠭᠠᠨ ᠬᠥᠮᠦᠵᠢᠯ ᠢ ᠬᠥᠭᠵᠢᠭᠦᠯᠦᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠤᠨᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ | ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠠᠯᠲᠤ ᠬᠥᠭᠵᠢᠯᠲᠡ ᠶᠢ ᠴᠢᠩᠭᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠣᠯᠠᠨ ᠶᠠᠩᠵᠤᠴᠢᠯᠠᠨ ᠬᠥᠭᠵᠢᠭᠦᠯᠬᠦ ᠶᠢ ᠪᠠᠷᠢᠮᠲᠠᠯᠠᠨ᠂ ᠪᠦᠭᠦ | ᠰᠤᠷᠤᠯᠭᠠ ᠶᠢᠨ ᠱᠠᠲᠤ ᠶᠢ ᠬᠠᠮᠤᠷᠤᠭᠰᠠᠨ ᠰᠤᠷᠤᠬᠴᠢᠳ ᠢ ᠲᠤᠰᠠᠯᠠᠨ ᠲᠡᠳᠭᠦᠭᠦ ᠰᠢᠰᠲ᠋ᠧᠮ ᠢ ᠲᠡᠭᠦᠯᠳᠡᠷᠵᠢᠭᠦᠯᠦᠨᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠬᠠᠮᠵᠢᠯᠴᠠᠨ ᠰᠢᠨᠡ ᠶᠢ ᠡᠭᠦᠳᠭᠦ ᠶᠢ ᠨᠢᠭᠡᠳᠦᠯᠲᠡᠢ ᠲᠥᠯᠥᠪᠯᠡᠵᠦ᠂ ᠠᠵᠢᠯ ᠮᠡᠷᠭᠡᠵᠢᠯ ᠪᠠ ᠡᠩ ᠤᠨ ᠰᠤᠷᠭᠠᠨ | ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ | ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠥᠷᠥᠯ ᠭᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨᠡ᠃ ᠰᠠᠭᠤᠷᠢ ᠰᠢᠨᠵᠢᠯᠡᠭᠡᠨ ᠤ ᠰᠠᠯᠠᠭᠠ᠂ ᠰᠢᠨᠡ ᠪᠠᠷ | ᠬᠥᠭᠵᠢᠭᠰᠡᠨ ᠰᠢᠨᠵᠢᠯᠡᠭᠡᠨ ᠤ ᠰᠠᠯᠠᠭᠠ᠂ ᠰᠣᠯᠪᠢᠴᠠᠯ ᠰᠢᠨᠵᠢᠯᠡᠭᠡᠨ ᠤ ᠰᠠᠯᠠᠭᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠳᠠᠪᠠᠭᠤᠯᠢᠭᠲᠤ | ᠰᠢᠨᠵᠢᠯᠡᠭᠡᠨ ᠤ ᠰᠠᠯᠠᠭᠠ ᠶᠢ ᠲᠦᠷᠭᠡᠳᠬᠡᠨ ᠪᠠᠶᠢᠭᠤᠯᠤᠨᠠ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ | ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨᠠ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ | ᠰᠤᠷᠭᠠᠭᠤᠯᠢ ᠶᠢᠨ ᠬᠠᠮᠢᠶᠠᠷᠤᠯᠲᠠ ᠪᠣᠯᠣᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠰᠤᠷᠭᠠᠭᠤᠯᠢ ᠭᠡᠷ ᠪᠦᠯᠢ ᠨᠡᠶᠢᠭᠡᠮ ᠤᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨᠡ᠃ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ | ᠬᠥᠮᠥᠵᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ | ᠪᠠᠳᠠᠷᠠᠭᠤᠯᠤᠨᠠ᠃ ᠰᠤᠷᠭᠠᠨ ᠬᠥᠮᠦᠵᠢᠯ ᠤᠨ ᠲᠣᠭᠠᠴᠢᠯᠠᠯᠲᠠ ᠶᠢ ᠠᠬᠢᠭᠤᠯᠵᠤ᠂ ᠪᠦᠭᠦ ᠠᠷᠠᠳ ᠢᠶᠠᠷ ᠢᠶᠠᠨ ᠨᠠᠰᠤᠨ | ᠲᠤᠷᠰᠢᠲᠠ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠤᠨᠠ᠃ | | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠦᠨᠡ᠃ | ᠰᠢᠨᠡ ᠶᠢ ᠡᠭᠦᠳᠭᠦ ᠶᠢᠨ ᠮᠠᠨ ᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯᠠ ᠳᠠᠬᠢ | ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨᠠ᠃ ᠨᠠᠮ ᠤᠨ ᠲᠥᠪ ᠬᠤᠷᠢᠶᠠ ᠠᠴᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯ ᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨᠡ ᠭᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠤᠯᠤᠰ ᠤᠨ ᠪᠠᠶᠢᠯᠳᠤᠬᠤ ᠪᠣᠳᠣᠯᠭᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠢᠨᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ | ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠤᠨ | ᠰᠢᠰᠲ᠋ᠧᠮ ᠢ ᠪᠤᠢ ᠪᠣᠯᠭᠠᠨ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡ ᠶᠢ ᠡᠭᠦᠳᠭᠦ ᠲᠥᠪ᠂ | ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡ ᠶᠢ ᠡᠭᠦᠳᠭᠦ ᠲᠥᠪ ᠤᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭᠠ ᠶᠢᠨ ᠵᠥᠪᠯᠡᠯᠭᠡ | ᠥᠭᠭᠦ ᠶᠢ ᠴᠢᠩᠭᠠᠳᠬᠠᠵᠤ᠂ ᠤᠯᠤᠰ ᠤᠨ ᠰᠢᠨᠡ ᠶᠢ ᠡᠭᠦᠳᠭᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠦᠨᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠪᠡᠯᠡ | ᠣᠷᠣᠭᠤᠯᠤᠯᠲᠠ ᠶᠢ ᠨᠡᠮᠡᠭᠳᠡᠭᠦᠯᠦᠨ᠂ ᠮᠡᠳᠡᠯᠭᠡ ᠶᠢᠨ ᠥᠮᠴᠢᠯᠡᠬᠦ ᠡᠷᠬᠡ ᠶᠢᠨ ᠬᠠᠤᠯᠢᠵᠢᠯ ᠤᠨ ᠪᠠᠲᠤᠯᠠᠭᠠ ᠶᠢ ᠴᠢᠩᠭᠠᠳᠬᠠᠵᠤ᠂ | ᠪᠦᠭᠦ ᠲᠠᠯᠠ ᠪᠠᠷ ᠰᠢᠨᠡ ᠶᠢ ᠡᠭᠦᠳᠭᠦ ᠶᠢ ᠳᠡᠮᠵᠢᠭᠦ ᠰᠠᠭᠤᠷᠢ ᠳᠦᠷᠢᠮ ᠢ ᠪᠦᠷᠢᠯᠳᠦᠭᠦᠯᠦᠨᠡ᠃ ᠰᠢᠨᠡ ᠶᠢ ᠡᠭᠦᠳᠭᠦ | ᠰᠣᠶᠣᠯ ᠢ ᠪᠤᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠ ᠶᠢ ᠪᠠᠳᠠᠷᠠᠭᠤᠯᠤᠨ᠂ ᠰᠢᠯᠢᠳᠡᠭ ᠰᠠᠶᠢᠨ | ᠰᠤᠷᠤᠯᠴᠠᠬᠤ ᠰᠤᠷᠲᠠᠯ ᠢ ᠬᠥᠮᠥᠵᠢᠭᠦᠯᠵᠦ᠂ ᠰᠢᠨᠡ ᠶᠢ ᠡᠭᠦᠳᠭᠦ ᠠᠭᠤᠷ ᠠᠮᠢᠰᠬᠤᠯ ᠢ ᠪᠤᠢ ᠪᠣᠯᠭᠠᠨᠠ᠃ ᠤᠯᠠᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭᠠ ᠬᠠᠮᠲᠤᠷᠠᠯᠴᠠᠭᠠ ᠶᠢ ᠥᠷᠭᠡᠳᠬᠡᠨ᠂ ᠤᠯᠠᠨ | ᠤᠯᠤᠰᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ | ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠪᠦᠬᠦᠢ ᠨᠡᠭᠡᠭᠡᠯᠲᠡᠲᠤ ᠰᠢᠨᠡ ᠶᠢ ᠡᠭᠦᠳᠭᠦ ᠠᠮᠢ ᠠᠬᠤᠢ ᠶᠢ ᠪᠤᠢ ᠪᠣᠯᠭᠠᠨᠠ᠃ | | ︵ᠭᠤᠷᠪᠠ︶ ᠰᠢᠨᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭᠠ ᠶᠢ | ᠲᠦᠷᠭᠡᠳᠬᠡᠨ ᠬᠡᠷᠡᠭᠵᠢᠭᠦᠯᠦᠨᠡ᠃ ᠳᠡᠯᠡᠬᠡᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠰᠢᠭᠤᠷᠠᠯ ᠳᠤ | ᠬᠠᠨᠳᠤᠭᠤᠯᠬᠤ᠂ ᠠᠵᠤ ᠠᠬᠤᠢ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ | ᠬᠡᠷᠡᠭᠴᠡᠭᠡ ᠱᠠᠭᠠᠷᠳᠠᠯᠭᠠ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ | ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨᠡ᠃ ᠤᠯᠤᠰ ᠤᠨ ᠪᠠᠶᠢᠯᠳᠤᠬᠤ ᠪᠣᠳᠣᠯᠭᠠ ᠶᠢᠨ ᠬᠡᠷᠡᠭᠴᠡᠭᠡ ᠪᠠᠷ | ᠤᠳᠤᠷᠢᠳᠤᠮᠵᠢ ᠪᠤᠯᠭᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠪᠡᠷᠬᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠵᠠᠩᠭᠢᠯᠠᠭᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨᠠ᠃ ᠪᠠᠶᠢᠯᠳᠤᠬᠤ | ᠪᠣᠳᠣᠯᠭᠠ ᠶᠢᠨ ᠴᠢᠨᠠᠷᠲᠠᠢ ᠪᠦᠭᠦ ᠲᠠᠯᠠ ᠶᠢᠨ ᠴᠢᠨᠠᠷᠲᠠᠢ ᠪᠠᠷᠠᠯᠠᠯᠳᠦ ᠴᠢᠨᠠᠷᠲᠠᠢ ᠨᠢᠭᠡ ᠪᠦᠯᠦᠭ ᠤᠯᠤᠰ ᠤᠨ ᠴᠢᠬᠤᠯᠠ ᠶᠡᠭᠡ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠡᠶᠡ ᠪᠠᠨ ᠳᠠᠭᠠᠭᠠᠵᠤ | ᠰᠢᠨᠡ ᠶᠢ ᠡᠭᠦᠳᠭᠦ ᠴᠢᠳᠠᠪᠤᠷᠢ ᠪᠠᠨ ᠴᠢᠩᠭᠠᠳᠬᠠᠨᠠ᠃ ᠰᠠᠭᠤᠷᠢ ᠰᠤᠳᠤᠯᠭᠠᠨ ᠢ ᠴᠢᠩᠭᠠᠳᠬᠠᠵᠤ᠂ ᠤᠤᠭᠠᠯ | ᠡᠭᠦᠳᠦᠯᠲᠡ ᠶᠢ ᠲᠣᠪᠤᠶᠢᠯᠭᠠᠨ᠂ ᠴᠢᠯᠦᠭᠡᠲᠡᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨᠠ᠃ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠡ ᠶᠢ ᠡᠭᠦᠳᠭᠦ ᠠᠮᠢᠳᠤᠯᠢᠭ ᠬᠦᠴᠦᠨ ᠢ ᠬᠥᠭᠵᠢᠭᠡᠨᠡ᠃ ᠠᠵᠤ | ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ | ᠠᠭᠤᠰᠤᠯᠴᠠᠭᠤᠯᠬᠤ ᠶᠢ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠦᠷᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ | ᠳᠡᠭᠡᠭᠰᠢᠯᠡᠭᠦᠯᠦᠨᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨᠡ ᠶᠢ ᠡᠭᠦᠳᠭᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠭᠡᠯᠪᠡᠷᠢ ᠶᠢᠨ | ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭᠠ ᠵᠢᠵᠢᠭ ᠠᠵᠤ ᠠᠬᠤᠶᠢᠯᠠᠯ ᠤᠨ ᠦᠰᠦᠨ ᠪᠤᠶᠢᠵᠢᠬᠤ ᠳᠤ | ᠠᠰᠢᠭᠲᠠᠢ ᠰᠢᠯᠢᠳᠡᠭ ᠰᠠᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠰᠢᠨᠡ ᠶᠢ ᠡᠭᠦᠳᠭᠦ ᠬᠡᠯᠬᠢᠶᠡ᠂ ᠠᠵᠤ ᠦᠢᠯᠡᠰ ᠤᠨ | ᠬᠡᠯᠬᠢᠶᠡ᠂ ᠪᠡᠯᠡ ᠮᠥᠩᠭᠦ ᠶᠢᠨ ᠬᠡᠯᠬᠢᠶᠡ᠂ ᠴᠢᠳᠠᠪᠤᠷᠢᠲᠠᠨ ᠤ ᠬᠡᠯᠬᠢᠶᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨᠠ᠃ | ︵ᠳᠥᠷᠪᠡ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭᠠ ᠶᠢ ᠭᠦᠨᠵᠡᠭᠡᠢ | ᠬᠡᠷᠡᠭᠵᠢᠭᠦᠯᠦᠨᠡ᠃ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠦᠯᠡᠮᠵᠢ ᠤᠯᠠᠨ ᠴᠢᠳᠠᠪᠤᠷᠢᠲᠠᠨ ᠢ | ᠬᠥᠮᠥᠵᠢᠭᠦᠯᠦᠨ ᠪᠤᠶᠢᠵᠢᠭᠤᠯᠬᠤ ᠪᠣᠯ ᠤᠯᠤᠰ ᠪᠠ ᠦᠨᠳᠦᠰᠦᠲᠡᠨ ᠤ ᠠᠯᠤᠰ ᠭᠡᠳᠤ ᠶᠢᠨ ᠬᠥᠭᠵᠢᠯᠲᠡ ᠶᠢᠨ ᠶᠡᠭᠡ ᠪᠣᠳᠣᠯᠭᠠ | ᠮᠥᠨ᠃ ᠭᠠᠪᠢᠶᠠ ᠶᠢ ᠴᠢᠳᠠᠪᠤᠷᠢᠲᠠᠨ ᠪᠦᠲᠦᠭᠡᠵᠦ᠂ ᠦᠢᠯᠡᠰ ᠢ ᠴᠢᠳᠠᠪᠤᠷᠢᠲᠠᠨ ᠥᠷᠭᠡᠳᠬᠡᠳᠡᠭ᠃ ᠨᠠᠮ ᠠᠴᠠ ᠴᠢᠳᠠᠪᠤᠷᠢᠲᠠᠨ | ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ | ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠶᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ | ᠨᠡᠩ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭᠠ ᠶᠢ ᠬᠡᠷᠡᠭᠵᠢᠭᠦᠯᠵᠦ᠂ ᠥᠷᠭᠡᠨ ᠤᠯᠠᠨ ᠴᠢᠳᠠᠪᠤᠷᠢᠲᠠᠨ ᠤ | ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠭᠦᠭᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠭᠦ᠂ | ᠠᠷᠠᠳ ᠲᠦᠮᠡᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠤᠨᠠ᠃ ᠴᠢᠳᠠᠪᠤᠷᠢᠲᠠᠨ ᠤ ᠪᠠᠶᠢᠯᠳᠤᠬᠤ ᠪᠣᠳᠣᠯᠭᠠ ᠶᠢᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠡᠯᠡ ᠲᠠᠯᠠ ᠶᠢᠨ ᠴᠢᠳᠠᠪᠤᠷᠢᠲᠠᠨ ᠢ ᠬᠠᠮᠲᠤ ᠳᠤᠨᠢ ᠠᠳᠬᠤᠬᠤ ᠶᠢ ᠪᠠᠷᠢᠮᠲᠠᠯᠠᠨ᠂ | ᠬᠡᠪᠴᠢᠶᠡ ᠪᠠᠷ ᠠᠤᠭᠠ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ | ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨᠠ᠃ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠣᠨ ᠰᠢᠨᠡ ᠶᠢ | ᠡᠭᠦᠳᠭᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ | ᠪᠠ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠳᠠᠪᠤᠷᠢᠲᠠᠨ ᠤ ᠤᠯᠠᠨ ᠤᠯᠤᠰ ᠲᠠᠬᠢ ᠥᠷᠢᠰᠦᠯᠳᠦᠭᠡᠨ ᠤ | ᠬᠠᠷᠢᠴᠠᠩᠭᠤᠢ ᠳᠠᠪᠠᠭᠤᠯᠢᠭ ᠪᠠᠶᠢᠳᠠᠯ ᠢ ᠬᠦᠴᠦᠯᠡᠨ ᠪᠤᠢ ᠪᠣᠯᠭᠠᠨᠠ᠃ ᠤᠯᠤᠰ ᠤᠨ ᠪᠠᠶᠢᠯᠳᠤᠬᠤ ᠪᠣᠳᠣᠯᠭᠠ ᠶᠢᠨ | ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠨᠡᠩ ᠤᠯᠠᠨ ᠶᠡᠭᠡ ᠪᠠᠭᠰᠢᠲᠠᠨ᠂ ᠪᠠᠶᠢᠯᠳᠤᠬᠤ ᠪᠣᠳᠣᠯᠭᠠ ᠶᠢᠨ | ᠰᠢᠨᠵᠢᠯᠡᠬᠦ ᠤᠬᠠᠭᠠᠨᠲᠠᠨ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠭᠠᠭᠤᠯᠤᠭᠴᠢ | ᠴᠢᠳᠠᠪᠤᠷᠢᠲᠠᠨ ᠪᠠ ᠰᠢᠨᠡ ᠶᠢ ᠡᠭᠦᠳᠭᠦ ᠪᠦᠯᠭᠦᠮ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ᠂ | ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠥᠨᠳᠥᠷ ᠤᠷᠠ ᠴᠢᠳᠠᠪᠤᠷᠢ ᠲᠠᠢ ᠴᠢᠳᠠᠪᠤᠷᠢᠲᠠᠨ ᠢ ᠴᠢᠷᠮᠠᠶᠢᠨ | ᠬᠥᠮᠥᠵᠢᠭᠦᠯᠦᠨ ᠪᠤᠢ ᠪᠣᠯᠭᠠᠨᠠ᠃ ᠴᠢᠳᠠᠪᠤᠷᠢᠲᠠᠨ ᠤ ᠤᠯᠠᠨ ᠤᠯᠤᠰ ᠤᠨ ᠰᠣᠯᠢᠯᠴᠠᠭᠠ ᠶᠢ ᠴᠢᠩᠭᠠᠳᠬᠠᠵᠤ᠂ ᠡᠯᠡ | ᠲᠦᠷᠦᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨᠡ᠃ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ | ᠬᠠᠶᠢᠷᠠᠯᠠᠨ᠂ ᠪᠦᠭᠦ ᠰᠡᠳᠬᠢᠯ ᠢᠶᠠᠷ ᠢᠶᠠᠨ ᠴᠢᠳᠠᠪᠤᠷᠢᠲᠠᠨ ᠢ ᠬᠥᠮᠥᠵᠢᠭᠦᠯᠵᠦ᠂ ᠴᠢᠩ ᠰᠡᠳᠬᠢᠯ ᠠᠴᠠ ᠪᠠᠨ ᠴᠢᠳᠠᠪᠤᠷᠢᠲᠠᠨ ᠢ | ᠤᠷᠢᠵᠤ᠂ ᠰᠡᠳᠬᠢᠯ ᠲᠠᠯᠪᠢᠨ ᠴᠢᠳᠠᠪᠤᠷᠢᠲᠠᠨ ᠢ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠢ ᠬᠦᠨᠳᠦᠳᠬᠡᠨ᠂ ᠨᠢᠭᠡ ᠯᠡ | ᠬᠡᠪ ᠲᠤ ᠪᠠᠷᠢᠭᠳᠠᠬᠤ ᠦᠭᠡᠢ ᠪᠠᠷ ᠡᠯᠡ ᠲᠠᠯᠠ ᠶᠢᠨ ᠰᠢᠯᠢᠳᠡᠭ ᠴᠢᠳᠠᠪᠤᠷᠢᠲᠠᠨ ᠢ ᠴᠤᠭᠯᠠᠭᠤᠯᠤᠨ ᠨᠠᠮ ᠪᠠ ᠠᠷᠠᠳ | ᠲᠦᠮᠡᠨ ᠤ ᠦᠢᠯᠡᠰ ᠲᠤ ᠦᠢᠯᠡᠴᠢᠯᠡᠭᠦᠯᠦᠨᠡ᠃ | ᠵᠢᠷᠭᠤᠭᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ | ᠡᠷᠬᠡ ᠮᠡᠳᠡᠭᠦ ᠶᠢ ᠪᠠᠲᠤᠯᠠᠨᠠ | ᠮᠠᠨ ᠤ ᠤᠯᠤᠰ ᠪᠣᠯ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭᠠ ᠪᠠᠷ | ᠰᠠᠭᠤᠷᠢ ᠪᠤᠯᠭᠠᠬᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ ᠵᠢᠷᠤᠮᠲᠤ ᠤᠯᠤᠰ ᠮᠥᠨ᠂ | ᠲᠦᠷᠦ ᠶᠢᠨ ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ᠃ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠮᠢ | ᠨᠠᠰᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠳᠤ ᠪᠠᠶᠢᠪᠠᠰᠤ ᠵᠣᠬᠢᠬᠤ | ᠠᠭᠤᠯᠭᠠ ᠮᠥᠨ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ | ᠲᠦᠷᠦ ᠶᠢᠨ ᠮᠥᠨ ᠴᠢᠨᠠᠷ ᠤᠨ ᠰᠢᠨᠵᠢ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ | ᠬᠠᠮᠤᠭ ᠤᠨ ᠲᠤᠰᠠᠲᠠᠢ ᠠᠷᠠᠳᠴᠢᠯᠠᠯ ᠮᠥᠨ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭᠠ᠂ ᠠᠷᠠᠳ | ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ | ᠪᠠᠷᠢᠮᠲᠠᠯᠠᠨ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ | ᠵᠣᠷᠢᠭ ᠢ ᠭᠦᠢᠴᠡᠳ ᠢᠯᠡᠷᠡᠭᠦᠯᠦᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ | ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠨᠡ᠃ | ᠪᠢᠳᠡ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ | ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠤᠯᠴᠠᠬᠤ ᠶᠢ ᠥᠷᠭᠡᠳᠬᠡᠨ᠂ ᠠᠷᠠᠳ ᠲᠦᠮᠡᠨ ᠤ | ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠰᠢᠢᠳᠪᠦᠷᠢᠲᠦ | ᠪᠣᠳᠣᠯᠭᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ | ᠬᠡᠷᠡᠭᠵᠢᠭᠦᠯᠬᠦ ᠶᠢ ᠪᠠᠲᠤᠯᠠᠵᠤ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠪᠠᠳᠠᠷᠠᠭᠤᠯᠤᠨ᠂ ᠠᠮᠢᠳᠤ ᠴᠣᠪᠣᠭᠤᠯᠢᠭ᠂ ᠠᠮᠤᠷ ᠲᠣᠭᠲᠠᠭᠤᠨ ᠪᠦᠯᠬᠦᠮᠳᠡᠨ ᠨᠢᠭᠡᠳᠦᠭᠰᠡᠨ ᠤᠯᠤᠰ ᠲᠦᠷᠦ ᠶᠢᠨ ᠪᠠᠶᠢᠳᠠᠯ ᠢ | ᠪᠠᠬᠢᠵᠢᠭᠦᠯᠦᠨ ᠬᠥᠭᠵᠢᠭᠦᠯᠦᠨᠡ᠃ | ︵ᠨᠢᠭᠡ︶ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠪᠠᠲᠤᠯᠠᠭᠠ ᠶᠢ ᠴᠢᠩᠭᠠᠳᠬᠠᠨᠠ᠃ | ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠰᠠᠭᠤᠷᠢ ᠤᠯᠤᠰ ᠲᠦᠷᠦ ᠶᠢᠨ ᠪᠠᠶᠢᠭᠤᠯᠤᠯ᠂ | ᠴᠢᠬᠤᠯᠠ ᠤᠯᠤᠰ ᠲᠦᠷᠦ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠯ ᠤᠨ ᠠᠷᠭᠠ ᠵᠠᠮ ᠢ | ᠥᠷᠭᠡᠳᠬᠡᠨ᠂ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠵᠤ᠂ ᠠᠷᠠᠳ ᠲᠦᠮᠡᠨ ᠤ ᠬᠠᠤᠯᠢ ᠶᠣᠰᠣᠭᠠᠷ ᠡᠯᠡ ᠵᠦᠢᠯ ᠤᠨ | ᠠᠷᠭᠠ ᠵᠠᠮ ᠪᠠ ᠭᠡᠯᠪᠡᠷᠢ ᠪᠠᠷ ᠳᠠᠮᠵᠢᠨ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠪᠠ ᠰᠣᠶᠣᠯ ᠤᠨ ᠦᠢᠯᠡᠰ ᠢ | ᠬᠠᠮᠢᠶᠠᠷᠬᠤ᠂ ᠨᠡᠶᠢᠭᠡᠮ ᠤᠨ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠨᠠ᠃ ᠠᠷᠠᠳ ᠲᠦᠮᠡᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ ᠲᠥᠷᠥ ᠶᠢᠨ ᠡᠷᠬᠡ ᠶᠢ ᠬᠡᠷᠡᠭᠵᠢᠭᠦᠯᠬᠦ ᠶᠢ ᠳᠡᠮᠵᠢᠨ ᠪᠠᠲᠤᠯᠠᠵᠤ᠂ ᠡᠯᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠥᠮ ᠠᠷᠠᠳᠴᠢᠯᠠᠯ ᠢᠶᠠᠷ ᠰᠣᠩᠭᠤᠨ ᠭᠠᠷᠭᠠᠵᠤ᠂ ᠠᠷᠠᠳ | ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠲᠤᠯᠠᠨᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠡᠷᠬᠡ᠂ | ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢ | ᠲᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠤ ᠪᠠᠶᠢᠭᠤᠯᠭᠠ᠂ ᠬᠢᠨᠠᠨ | ᠪᠠᠶᠢᠴᠠᠭᠠᠬᠤ ᠪᠠᠶᠢᠭᠤᠯᠭᠠ᠂ ᠰᠢᠭᠦᠨ ᠲᠠᠰᠤᠯᠬᠤ ᠪᠠᠶᠢᠭᠤᠯᠭᠠ᠂ ᠪᠠᠶᠢᠴᠠᠭᠠᠬᠤ ᠪᠠᠶᠢᠭᠤᠯᠭᠠ ᠳᠤ ᠬᠢᠨᠠᠯᠲᠠ ᠲᠠᠯᠪᠢᠬᠤ | ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠬᠠᠤᠯᠢᠵᠢᠯ ᠤᠨ ᠨᠢᠭᠡᠳᠦᠯ᠂ ᠨᠡᠷᠡ ᠬᠦᠨᠳᠦ᠂ ᠡᠷᠬᠡ ᠰᠦᠷ ᠢ ᠬᠠᠮᠠᠭᠠᠯᠠᠨᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠣᠯᠠᠨ ᠤ | ᠬᠠᠷᠢᠯᠴᠠᠭᠠ ᠶᠢ ᠨᠢᠭᠲᠠᠷᠠᠭᠤᠯᠤᠨᠠ᠃ ᠠᠷᠠᠳ ᠤᠨ ᠰᠠᠨᠠᠭᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ | ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ | ᠴᠡᠭ ᠢ ᠰᠠᠶᠢᠲᠤᠷ ᠪᠠᠶᠢᠭᠤᠯᠤᠨᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠤᠭᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨᠠ᠃ ᠳᠤᠮᠳᠠᠳᠤ ᠤᠯᠤᠰ ᠤᠨ | ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠮᠥᠨ ᠤ | ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠂ ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯᠠ ᠶᠢᠨ ᠬᠥᠭᠵᠢᠯᠲᠡ ᠶᠢ | ᠠᠬᠢᠭᠤᠯᠤᠨᠠ᠃ | ︵ᠬᠤᠶᠠᠷ︶ ᠵᠥᠪᠯᠡᠭᠦ ᠠᠷᠠᠳᠴᠢᠯᠠᠯ ᠢ ᠪᠦᠭᠦ ᠲᠠᠯᠠ ᠪᠠᠷ ᠬᠥᠭᠵᠢᠭᠦᠯᠦᠨᠡ᠃ ᠵᠥᠪᠯᠡᠭᠦ ᠠᠷᠠᠳᠴᠢᠯᠠᠯ ᠪᠣᠯ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠵᠥᠪᠯᠡᠭᠦ ᠠᠷᠠᠳᠴᠢᠯᠠᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ | ᠠᠷᠠᠳ ᠤᠨ ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠵᠥᠪᠯᠡᠯᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯᠡ ᠵᠦᠢᠯ ᠤᠨ ᠳᠦᠷᠢᠮᠵᠢᠭᠰᠡᠨ ᠵᠥᠪᠯᠡᠭᠦ | ᠲᠠᠪᠴᠠᠩ ᠢ ᠪᠦᠷᠢᠨᠰᠢᠭᠦᠯᠦᠨ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ | ᠳᠦᠷᠢᠮᠵᠢᠭᠰᠡᠨ ᠬᠥᠭᠵᠢᠯᠲᠡ ᠶᠢ ᠠᠬᠢᠭᠤᠯᠤᠨᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ | ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠨᠠᠮ ᠤᠨ ᠤᠳᠤᠷᠢᠳᠤᠯᠭᠠ᠂ ᠨᠢᠭᠡᠳᠦᠮᠡᠯ ᠹᠷᠣᠨᠲ᠂ ᠵᠥᠪᠯᠡᠭᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭᠠ | ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ | ᠬᠦᠴᠦᠯᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ | ᠦᠢᠯᠡᠳᠦᠯ ᠢ ᠪᠠᠳᠠᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠵᠡᠷᠭᠡ ᠴᠢᠳᠠᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠭᠦᠨᠵᠡᠭᠡᠢ ᠵᠥᠪᠳᠡᠯᠴᠡᠨ ᠬᠥᠳᠡᠯᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠯᠡ ᠡᠲᠡᠭᠡᠳ ᠤᠨ ᠤᠯᠠᠨ | ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨᠡ᠃ | ︵ᠭᠤᠷᠪᠠ︶ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠦᠨᠡ᠃ ᠦᠨᠳᠦᠰᠦᠨ ᠱᠠᠲᠤᠨ ᠤ | ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠢᠯᠡᠷᠡᠯ ᠮᠥᠨ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ | ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠨ᠂ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮ ᠪᠣᠯᠣᠨ ᠠᠵᠢᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠤᠯᠠᠨ ᠲᠦᠮᠡᠨ ᠤ ᠥᠪᠡᠷ ᠢ ᠪᠠᠨ | ᠬᠠᠮᠢᠶᠠᠷᠬᠤ᠂ ᠥᠪᠡᠷ ᠤᠨ ᠪᠡᠶᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶᠡ ᠳᠡᠭᠡᠨ ᠬᠢᠨᠠᠯᠲᠠ | ᠲᠠᠯᠪᠢᠬᠤ ᠪᠣᠳᠠᠲᠤ ᠦᠷᠡ ᠪᠦᠲᠦᠮᠵᠢ ᠶᠢ ᠨᠡᠮᠡᠭᠳᠡᠭᠦᠯᠦᠨᠡ᠃ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠳᠦᠷᠢᠮ ᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯᠡ ᠲᠦᠷᠦᠯ ᠤᠨ ᠬᠠᠮᠲᠤ ᠴᠣᠭᠴᠠ ᠶᠢᠨ ᠦᠨᠳᠦᠰᠦᠨ ᠱᠠᠲᠤᠨ ᠤ | ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ ᠠᠷᠭᠠ ᠵᠠᠮ ᠢ ᠥᠷᠭᠡᠳᠬᠡᠨ᠂ ᠠᠷᠠᠳ ᠲᠦᠮᠡᠨ ᠤ ᠦᠨᠳᠦᠰᠦᠨ | ᠱᠠᠲᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠪᠣᠯᠣᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠤᠯᠢ ᠶᠣᠰᠣᠭᠠᠷ | ᠬᠠᠮᠢᠶᠠᠷᠬᠤ ᠶᠢ ᠪᠠᠲᠤᠯᠠᠨᠠ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠨ᠂ ᠠᠵᠢᠯᠲᠠᠨ | ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠠᠷᠠᠳᠴᠢᠯᠠᠯ ᠢᠶᠠᠷ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨᠠ᠃ | ︵ᠳᠥᠷᠪᠡ︶ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨᠡ᠃ | ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠨᠢᠭᠡᠳᠦᠮᠡᠯ ᠹᠷᠣᠨᠲ ᠪᠣᠯ ᠬᠥᠮᠥᠨ ᠤ ᠰᠡᠳᠬᠢᠯ ᠢ | ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠡᠷᠳᠡᠨᠢ ᠮᠥᠨ᠃ ᠶᠡᠭᠡ ᠨᠢᠭᠡᠳᠦᠮᠡᠯ ᠹᠷᠣᠨᠲ ᠤᠨ | ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠭᠦ ᠳᠤᠮᠳᠠᠳᠤ | ᠶᠢᠨ ᠬᠥᠪᠡᠭᠦᠳ ᠥᠬᠢᠳ ᠢ ᠲᠠᠶᠢᠴᠢᠯᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠲᠣᠭᠤᠷᠢᠨ ᠳᠤ ᠬᠠᠮᠲᠤ ᠪᠠᠷ ᠰᠡᠳᠬᠢᠵᠦ᠂ ᠬᠠᠮᠲᠤ ᠪᠠᠷ ᠠᠵᠢᠯᠯᠠᠨᠠ᠃ ᠮᠠᠨ ᠤ | ᠤᠯᠤᠰ ᠤᠨ ᠨᠡᠶᠢᠭᠡᠮ ᠵᠢᠷᠤᠮ ᠤᠨ ᠰᠢᠨᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠵᠤ᠂ ᠤᠷᠳᠤ ᠬᠤᠭᠤᠴᠠᠭᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ | ᠰᠡᠳᠬᠢᠯ ᠠᠴᠠ ᠪᠠᠨ ᠨᠥᠬᠦᠷᠯᠡᠬᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠶᠢ ᠪᠠᠷᠢᠮᠲᠠᠯᠠᠨ᠂ ᠠᠷᠠᠳᠴᠢᠯᠠᠭᠰᠠᠨ ᠨᠠᠮ | ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠯᠦᠭᠡ ᠶᠢᠨ ᠪᠦᠯᠬᠦᠮᠳᠡᠯ ᠬᠠᠮᠲᠤᠷᠠᠯᠴᠠᠭᠠ ᠪᠠᠨ ᠴᠢᠩᠭᠠᠳᠬᠠᠵᠤ᠂ | ᠠᠷᠠᠳᠴᠢᠯᠠᠭᠰᠠᠨ ᠨᠠᠮ ᠪᠦᠯᠦᠭ ᠤᠨ ᠲᠤᠰ ᠪᠡᠶᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠡᠭᠦᠷᠭᠡ ᠴᠢᠳᠠᠪᠤᠷᠢ ᠪᠠᠨ ᠨᠡᠩ | ᠰᠠᠶᠢᠨ ᠭᠦᠢᠴᠡᠳᠬᠡᠬᠦ ᠶᠢ ᠲᠡᠮᠵᠢᠨᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠤᠢ ᠪᠤᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯᠠ ᠪᠠᠷ ᠠᠬᠢᠭᠤᠯᠤᠨᠠ᠃ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ | ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨᠠ᠃ ᠨᠠᠮ ᠤᠨ ᠭᠠᠳᠠᠨᠠᠬᠢ ᠰᠡᠬᠡᠭᠡᠲᠡᠨ ᠤ ᠦᠵᠡᠯ | ᠰᠠᠨᠠᠭᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠰᠢᠨᠡ ᠳᠠᠪᠬᠤᠷᠭᠠ ᠶᠢᠨ ᠬᠥᠮᠥᠰ ᠤᠨ ᠠᠵᠢᠯ ᠢ | ᠰᠠᠶᠢᠲᠤᠷ ᠬᠢᠵᠦ᠂ ᠬᠠᠮᠲᠤ ᠪᠠᠷ ᠲᠡᠮᠡᠴᠡᠬᠦ ᠤᠯᠤᠰ ᠲᠦᠷᠦ ᠶᠢᠨ ᠵᠢᠯᠣᠭᠤᠳᠤᠯᠭᠠ ᠶᠢ ᠴᠢᠩᠭᠠᠳᠬᠠᠨᠠ᠃ ᠵᠠᠰᠠᠭ ᠤᠨ | ᠣᠷᠳᠣᠨ ᠪᠣᠯᠣᠨ ᠠᠷᠠᠯᠵᠢᠶᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭᠠ ᠶᠢ ᠪᠦᠭᠦ ᠲᠠᠯᠠ ᠪᠠᠷ ᠪᠠᠶᠢᠭᠤᠯᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠪᠠ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨᠠ᠃ ᠬᠠᠷᠢᠶᠠᠲᠤ ᠨᠠᠷ ᠤᠨ ᠶᠠᠪᠤᠳᠠᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ | ᠵᠢᠳᠭᠦᠭᠦ ᠬᠦᠴᠦᠷᠬᠡᠭ ᠶᠡᠭᠡ ᠬᠦᠴᠦᠨ ᠴᠢᠳᠠᠯ ᠢ ᠪᠦᠷᠢᠯᠳᠦᠭᠦᠯᠦᠨᠡ᠃ | ᠳᠣᠯᠤᠭᠠ᠂ ᠪᠦᠭᠦ ᠲᠠᠯᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨᠠ | ᠪᠦᠭᠦ ᠲᠠᠯᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠲᠦᠷᠦ ᠶᠢ ᠵᠠᠰᠠᠬᠤ ᠨᠢᠭᠡᠨ ᠤᠳᠠᠭᠠ ᠶᠢᠨ ᠭᠦᠨᠵᠡᠭᠡᠢ | ᠬᠤᠪᠢᠰᠬᠠᠯ ᠮᠥᠨ᠂ ᠲᠡᠷᠡ ᠨᠢ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠲᠠᠢ ᠬᠤᠯᠪᠣᠭᠳᠠᠵᠤ᠂ ᠠᠷᠠᠳ | ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠨᠠᠮ ᠪᠠ ᠤᠯᠤᠰ ᠣᠷᠣᠨ ᠤ ᠥᠨᠢ ᠤᠳᠠᠭᠠᠨ ᠠᠮᠤᠷ | ᠲᠦᠪᠰᠢᠨ ᠲᠠᠢ ᠬᠤᠯᠪᠣᠭᠳᠠᠳᠠᠭ᠃ ᠡᠷᠬᠡᠪᠰᠢ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ | ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠶᠢᠬᠤ ᠪᠠᠲᠤᠯᠠᠭᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ | ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ | ᠬᠡᠷᠡᠭᠲᠡᠢ᠃ | ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ | ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠵᠤ᠂ | ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠪᠠᠲᠤᠯᠠᠨ ᠠᠬᠢᠭᠤᠯᠬᠤ ᠲᠣᠭᠤᠷᠢᠨ ᠳᠤ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠥᠷᠥ ᠪᠠᠷᠢᠬᠤ᠂ | ᠬᠠᠤᠯᠢ ᠪᠠᠷ ᠵᠠᠰᠠᠭ ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ | ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ | ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ | ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯᠠ ᠪᠠᠷ ᠠᠬᠢᠭᠤᠯᠵᠤ᠂ ᠤᠯᠤᠰ ᠤᠨ ᠡᠯᠡ ᠲᠠᠯᠠ ᠶᠢᠨ | ᠠᠵᠢᠯ ᠤᠨ ᠬᠠᠤᠯᠢ ᠪᠠᠷ ᠵᠠᠰᠠᠬᠤ ᠶᠢ ᠪᠦᠭᠦ ᠲᠠᠯᠠ ᠪᠠᠷ ᠠᠬᠢᠭᠤᠯᠤᠨᠠ᠃ | ︵ᠨᠢᠭᠡ︶ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨᠡ᠃ ᠬᠠᠤᠯᠢ ᠪᠠᠷ ᠤᠯᠤᠰ ᠢᠶᠠᠨ ᠵᠠᠰᠠᠬᠤ ᠶᠢ | ᠪᠠᠷᠢᠮᠲᠠᠯᠠᠬᠤ ᠳᠤ ᠡᠩ ᠲᠡᠷᠢᠭᠦᠨ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ | ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠪᠠᠷ ᠲᠦᠷᠦ ᠪᠠᠷᠢᠬᠤ ᠶᠢ | ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ | ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠨ᠂ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ | ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠨᠠ᠃ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢ ᠪᠦᠭᠦ ᠲᠠᠯᠠ ᠪᠠᠷ ᠬᠡᠷᠡᠭᠵᠢᠭᠦᠯᠬᠦ ᠶᠢ | ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠦᠨᠳᠦᠰᠦᠨ | ᠬᠠᠤᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ | ᠬᠠᠮᠠᠭᠠᠯᠠᠨᠠ᠃ ᠭᠤᠣᠯᠳᠠᠯᠭᠠ ᠲᠠᠢ ᠬᠦᠷᠢᠶᠡ᠂ ᠰᠢᠨᠡ ᠪᠠᠷ ᠬᠥᠭᠵᠢᠭᠰᠡᠨ ᠬᠦᠷᠢᠶᠡ᠂ ᠭᠠᠳᠠᠭᠠᠳᠤ ᠳᠤ ᠬᠤᠯᠪᠣᠭᠳᠠᠬᠤ | ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠠ | ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ | ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠨᠠ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ | ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠥᠭᠡᠷᠡᠴᠢᠯᠡᠬᠦ | ᠤᠰᠠᠳᠬᠠᠬᠤ ᠲᠠᠶᠢᠯᠪᠤᠷᠢᠯᠠᠬᠤ ᠨᠠᠶᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠯᠲᠠ ᠶᠢᠨ ᠰᠢᠰᠲ᠋ᠧᠮᠲᠦ | ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭᠴᠢ ᠴᠢᠨᠠᠷ ᠢ ᠴᠢᠩᠭᠠᠳᠬᠠᠨᠠ᠃ ᠳᠠᠩᠰᠠᠯᠠᠵᠤ ᠬᠢᠨᠠᠨ | ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ ᠴᠢᠩᠭᠠᠳᠬᠠᠨᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭᠠ | ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭᠠ | ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭᠠ ᠶᠢᠨ ᠳᠡᠰ ᠳᠠᠷᠠᠭᠠᠯᠠᠯ ᠤᠨ ᠳᠦᠷᠢᠮ ᠢ ᠪᠦᠭᠦ | ᠲᠠᠯᠠ ᠪᠠᠷ ᠨᠠᠶᠢᠳᠠᠪᠤᠷᠢᠵᠢᠭᠤᠯᠤᠨᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨᠠ᠃ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠭᠦ ᠲᠠᠯᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭᠠ ᠲᠠᠢ | ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠤᠨ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭᠠ ᠶᠢᠨ ᠰᠢᠰᠲ᠋ᠧᠮ ᠪᠣᠯᠣᠨ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ | ᠳᠡᠰ ᠳᠠᠷᠠᠭᠠᠯᠠᠯ᠂ ᠬᠠᠷᠢᠭᠤᠴᠠᠯᠭᠠ ᠶᠢᠨ ᠬᠠᠤᠯᠢᠵᠢᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠦᠷᠡ ᠪᠦᠲᠦᠮᠵᠢ ᠪᠠ | ᠢᠲᠡᠭᠡᠭᠦᠯᠭᠦ ᠬᠦᠴᠦᠨ ᠢ ᠳᠡᠭᠡᠭᠰᠢᠯᠡᠭᠦᠯᠦᠨᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠢᠩᠭᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠭᠦ ᠲᠠᠯᠠ ᠪᠠᠷ | ᠠᠬᠢᠭᠤᠯᠵᠤ᠂ ᠤᠯᠠᠨ ᠲᠦᠮᠡᠨ ᠤ ᠬᠤᠪᠢ ᠪᠡᠶᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭᠠ ᠲᠠᠢ ᠬᠦᠷᠢᠶᠡᠨ ᠤ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ | ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶᠠ ᠶᠢ ᠪᠦᠷᠢᠨᠰᠢᠭᠦᠯᠦᠨᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭᠠ ᠶᠢᠨ ᠳᠦᠷᠢᠮ ᠪᠣᠯᠣᠨ ᠬᠠᠷᠢᠭᠤᠴᠠᠯᠭᠠ | ᠨᠡᠬᠡᠮᠵᠢᠯᠡᠬᠦ ᠳᠦᠷᠢᠮ ᠢ ᠴᠢᠩᠭᠠ ᠨᠠᠶᠢᠳᠠᠪᠤᠷᠢᠵᠢᠭᠤᠯᠤᠨᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨᠡ᠃ | ︵ᠭᠤᠷᠪᠠ︶ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨᠠ᠃ ᠲᠥᠪ ᠭᠤᠣᠯᠴᠢ ᠪᠠᠷ ᠬᠠᠤᠯᠢ ᠪᠠᠷᠢᠬᠤ | ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ | ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠬᠠᠤᠯᠢ ᠴᠠᠭᠠᠵᠠ ᠶᠢᠨ ᠬᠠᠷᠢᠭᠤᠴᠠᠯᠭᠠ ᠶᠢᠨ ᠳᠦᠷᠢᠮ ᠢ ᠪᠦᠭᠦ ᠲᠠᠯᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠲᠥᠪ | ᠭᠤᠣᠯᠴᠢ ᠥᠨᠳᠥᠷ ᠪᠦᠲᠦᠮᠵᠢᠲᠡᠢ ᠡᠷᠬᠡ ᠰᠦᠷᠲᠦ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠦᠷᠢᠮ ᠢ ᠲᠦᠷᠭᠡᠳᠬᠡᠨ | ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ | ᠮᠡᠳᠡᠷᠡᠭᠦᠯᠬᠦ ᠪᠠᠷ ᠴᠢᠷᠮᠠᠶᠢᠨᠠ᠃ ᠬᠠᠤᠯᠢ ᠪᠠᠷᠢᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭᠠ᠂ ᠪᠠᠶᠢᠴᠠᠭᠠᠬᠤ ᠪᠠᠶᠢᠭᠤᠯᠭᠠ᠂ ᠰᠢᠭᠦᠨ ᠲᠠᠰᠤᠯᠬᠤ ᠪᠠᠶᠢᠭᠤᠯᠭᠠ᠂ ᠬᠠᠤᠯᠢ ᠪᠠᠷᠢᠬᠤ ᠵᠠᠰᠠᠭ | ᠵᠠᠬᠢᠷᠭᠠᠨ ᠤ ᠪᠠᠶᠢᠭᠤᠯᠭᠠ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ | ᠬᠠᠷᠢᠯᠴᠠᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨᠡ᠃ ᠬᠠᠤᠯᠢ ᠪᠠᠷᠢᠬᠤ ᠠᠵᠢᠯᠯᠠᠭᠠ ᠶᠢᠨ | ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠤᠨᠠ᠃ ᠪᠠᠶᠢᠴᠠᠭᠠᠬᠤ | ᠪᠠᠶᠢᠭᠤᠯᠭᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠨᠠ᠃ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠳᠦᠷᠢᠮ ᠢ ᠲᠡᠭᠦᠯᠳᠡᠷᠵᠢᠭᠦᠯᠦᠨᠡ᠃ | ︵ᠳᠥᠷᠪᠡ︶ ᠬᠠᠤᠯᠢᠵᠢᠯ ᠤᠨ ᠨᠡᠶᠢᠭᠡᠮ ᠢ ᠲᠦᠷᠭᠡᠳᠬᠡᠨ ᠪᠠᠶᠢᠭᠤᠯᠤᠨᠠ᠃ ᠬᠠᠤᠯᠢᠵᠢᠯ ᠤᠨ ᠨᠡᠶᠢᠭᠡᠮ ᠪᠣᠯ | ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢ ᠮᠥᠨ᠃ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ | ᠰᠠᠨᠠᠭᠠ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠵᠠᠯᠭᠠᠮᠵᠢᠯᠠᠨ᠂ | ᠪᠦᠭᠦ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠬᠠᠤᠯᠢᠵᠢᠯ ᠤᠨ ᠦᠨᠡᠨᠴᠢ ᠰᠢᠳᠤᠷᠭᠤ | ᠡᠷᠬᠢᠮᠯᠡᠨ ᠳᠡᠭᠡᠳᠦᠯᠡᠭᠴᠢ᠂ ᠤᠬᠠᠮᠰᠠᠷ ᠠᠴᠠ ᠪᠠᠨ ᠵᠢᠷᠤᠮᠯᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨᠠ᠃ ᠬᠤᠳᠠ | ᠬᠥᠳᠡᠭᠡ ᠶᠢ ᠬᠠᠮᠤᠷᠤᠭᠰᠠᠨ ᠤᠳᠤ ᠦᠶᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ᠬᠠᠤᠯᠢᠵᠢᠯ ᠤᠨ ᠤᠬᠠᠭᠤᠯᠭᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠭᠦ ᠠᠷᠠᠳ ᠤᠨ ᠬᠠᠤᠯᠢᠵᠢᠯ ᠤᠨ | ᠦᠵᠡᠯᠲᠡ ᠶᠢ ᠴᠢᠩᠭᠠᠳᠬᠠᠨᠠ᠃ ᠤᠯᠠᠨ ᠲᠡᠰ ᠳᠠᠪᠬᠤᠷᠭᠠ ᠤᠯᠠᠨ ᠬᠦᠷᠢᠶᠡ ᠴᠠᠷᠠᠭᠠᠨ ᠤ ᠬᠠᠤᠯᠢ ᠪᠠᠷ ᠵᠠᠰᠠᠬᠤ ᠶᠢ | ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨᠡ᠃ ᠤᠳᠤᠷᠢᠳᠬᠤ | ᠺᠠᠳ᠋ᠷᠴᠤᠳ ᠤᠨ ᠵᠢᠱᠢᠶᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠪᠠᠷ | ᠴᠢᠷᠮᠠᠶᠢᠨᠠ᠃ | ᠨᠠᠢᠮᠠ᠂ ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠭᠡᠷᠡᠯ | ᠰᠠᠴᠤᠷᠠᠩᠭᠤᠢ ᠰᠢᠨᠡ ᠠᠮᠵᠢᠯᠲᠠ ᠶᠢ ᠡᠭᠦᠳᠦᠨᠡ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠳᠤ᠂ ᠡᠷᠬᠡᠪᠰᠢ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠨ᠂ | ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ | ᠰᠢᠨᠡ ᠬᠥᠮᠥᠨ ᠢ ᠬᠥᠮᠥᠵᠢᠭᠦᠯᠬᠦ᠂ ᠰᠣᠶᠣᠯ ᠢ ᠴᠡᠴᠡᠭᠯᠡᠭᠦᠯᠬᠦ᠂ ᠳᠦᠷᠢ ᠲᠥᠷᠬᠦ ᠪᠠᠨ ᠢᠯᠡᠷᠡᠭᠦᠯᠭᠦ ᠲᠣᠭᠤᠷᠢᠨ ᠳᠤ᠂ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ | ᠳᠡᠯᠡᠬᠡᠢ ᠳ᠋ᠠᠬᠢᠨ ᠳᠤ ᠬᠠᠨᠳᠤᠭᠤᠯᠤᠭᠰᠠᠨ᠂ ᠢᠷᠡᠭᠡᠳᠦᠢ ᠳᠤ ᠬᠠᠨᠳᠤᠭᠤᠯᠤᠭᠰᠠᠨ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ | ᠂ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠵᠦ᠂ ᠪᠦᠭᠦ ᠦᠨᠳᠦᠰᠦᠲᠡᠨ ᠤ ᠰᠣᠶᠣᠯ ᠤᠨ ᠰᠢᠨᠡ ᠶᠢ | ᠡᠭᠦᠳᠭᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢ ᠴᠢᠩᠭᠠᠷᠠᠭᠤᠯᠤᠨᠠ᠃ ᠪᠢᠳᠡ ᠦᠵᠡᠯ | ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ | ᠪᠠᠶᠢᠭᠤᠯᠤᠯ ᠢ ᠪᠠᠷᠢᠮᠲᠠᠯᠠᠨ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠲᠠᠯᠠᠵᠤ᠂ | ᠴᠡᠴᠡᠭ ᠪᠦᠭᠦᠨ ᠢ ᠵᠡᠷᠭᠡ ᠪᠠᠷ ᠳᠡᠯᠭᠡᠷᠡᠭᠦᠯᠦᠨ᠂ ᠡᠷᠳᠡᠮᠲᠡᠨ ᠪᠦᠭᠦᠠ ᠢ ᠴᠢᠯᠦᠭᠡᠲᠡᠢ ᠶᠠᠷᠢᠯᠴᠠᠭᠤᠯᠬᠤ ᠶᠢ ᠪᠠᠷᠢᠮᠲᠠᠯᠠᠵᠤ᠂ | ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨᠡ ᠶᠢ ᠡᠭᠦᠳᠭᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠨ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯ ᠤᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠷᠠᠳ ᠲᠦᠮᠡᠨ ᠤ ᠡᠳᠦᠷ ᠢᠷᠡᠬᠦᠶᠡ ᠨᠡᠮᠡᠭᠳᠡᠵᠦ ᠪᠠᠶᠢᠭᠠ ᠣᠶᠤᠨ | ᠰᠠᠨᠠᠭᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠤᠰ ᠤᠨ ᠰᠣᠶᠣᠯ ᠤᠨ | ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠤᠨᠠ᠃ | ︵ᠨᠢᠭᠡ︶ ᠬᠦᠴᠦᠷᠬᠡᠭ ᠶᠡᠭᠡ ᠨᠢᠭᠲᠠᠷᠠᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠤᠨᠠ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠪᠣᠯ ᠤᠶᠤᠨ | ᠰᠠᠨᠠᠭᠠᠨ ᠤ ᠭᠡᠷ ᠣᠷᠣᠨ ᠢ ᠴᠣᠭᠴᠠᠯᠠᠵᠤ᠂ ᠦᠨᠳᠦᠰᠦᠲᠡᠨ ᠤ ᠰᠦᠭ ᠰᠦᠨᠡᠰᠦ ᠶᠢ ᠱᠤᠭᠤᠬᠤ ᠠᠵᠢᠯ ᠮᠥᠨ᠃ ᠦᠵᠡᠯ | ᠤᠬᠠᠮᠰᠠᠷ ᠤᠨ ᠭᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ | ᠭᠡᠯᠪᠡᠷᠢ ᠶᠢᠨ ᠠᠵᠢᠯ ᠤᠨ ᠬᠠᠷᠢᠭᠤᠴᠠᠯᠭᠠ ᠶᠢᠨ ᠳᠦᠷᠢᠮ ᠢ ᠪᠦᠭᠦ ᠲᠠᠯᠠ ᠪᠠᠷ ᠨᠠᠶᠢᠳᠠᠪᠤᠷᠢᠵᠢᠭᠤᠯᠤᠨ᠂ ᠰᠢᠨᠡ ᠴᠠᠭ | ᠦᠶᠡ ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭᠠ ᠶᠠᠷᠢᠶᠠ ᠬᠡᠯᠡᠯᠴᠡᠭᠡ ᠶᠢ ᠪᠠᠬᠢᠵᠢᠭᠦᠯᠦᠨ | ᠪᠤᠵᠠᠭᠠᠶᠢᠷᠠᠭᠤᠯᠤᠨᠠ᠃ ᠨᠠᠮ ᠤᠨ ᠰᠢᠨᠡ ᠡᠭᠦᠳᠦᠯᠲᠡ ᠶᠢᠨ ᠤᠨᠤᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ | ᠬᠥᠮᠥᠵᠢᠭᠦᠯᠬᠦ᠂ ᠦᠢᠯᠡᠳᠦᠯᠭᠡ ᠶᠢ ᠵᠢᠯᠣᠭᠤᠳᠤᠭᠤᠯᠬᠤ ᠠᠵᠢᠯ ᠤᠨ ᠰᠢᠰᠲ᠋ᠧᠮ ᠢ ᠪᠦᠷᠢᠨᠰᠢᠭᠦᠯᠦᠨᠡ᠃ ᠮᠠᠷᠺᠰ ᠤᠨ | ᠦᠵᠡᠯ ᠤᠨ ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ | ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠤᠨᠠ᠃ | ᠪᠦᠷᠢᠨ ᠵᠠᠭᠤᠴᠢᠯᠠᠭᠤᠷ ᠤᠨ ᠳᠠᠮᠵᠢᠭᠤᠯᠭᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠶᠠᠷᠢᠶᠠ | ᠬᠡᠯᠡᠯᠴᠡᠭᠡᠨ ᠤ ᠰᠢᠨᠡ ᠪᠠᠶᠢᠷᠢᠰᠢᠯ ᠢ ᠪᠤᠢ ᠪᠣᠯᠭᠠᠨᠠ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠰᠦᠯᠵᠢᠶᠡᠨ ᠤ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠶᠢ ᠠᠬᠢᠭᠤᠯᠤᠨᠠ᠃ | ︵ᠬᠤᠶᠠᠷ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ | ᠦᠢᠯᠡᠳᠦᠯᠭᠡᠵᠢᠭᠦᠯᠦᠨᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠣᠯ ᠬᠥᠮᠥᠰ ᠤᠨ ᠰᠡᠳᠬᠢᠯ ᠪᠠ | ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠮᠥᠨ᠃ ᠨᠠᠮ ᠪᠠᠶᠢᠭᠤᠯᠤᠭᠰᠠᠨ ᠠᠭᠤᠤ ᠶᠡᠭᠡ ᠵᠣᠷᠢᠭ | ᠰᠠᠨᠠᠭᠠ ᠪᠠᠷ ᠡᠬᠢ ᠰᠤᠷᠪᠤᠯᠵᠢ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ | ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢᠨ ᠤᠬᠠᠭᠤᠯᠭᠠ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ | ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶᠡ ᠶᠢᠨ ᠰᠢᠨᠡ ᠬᠥᠮᠥᠨ ᠢ ᠬᠦᠴᠦᠯᠡᠨ ᠬᠥᠮᠥᠵᠢᠭᠦᠯᠦᠨᠡ᠃ ᠬᠦᠰᠡᠯᠡᠩ ᠢᠲᠡᠭᠡᠯ | ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ᠂ ᠰᠢᠨᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ | ᠤᠬᠠᠭᠤᠯᠭᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠲᠡᠦᠬᠡ ᠪᠠᠨ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠪᠠᠨ ᠮᠡᠳᠡᠵᠦ ᠤᠯᠤᠰ ᠢᠶᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠲᠤᠳᠬᠠᠨᠠ | ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠰᠦᠭ ᠰᠦᠨᠡᠰᠦ ᠶᠢ ᠱᠤᠭᠤᠵᠤ ᠬᠥᠮᠥᠨ ᠢ | ᠬᠥᠮᠥᠵᠢᠭᠦᠯᠵᠦ᠂ ᠦᠵᠡᠯ ᠰᠠᠨᠠᠭᠠ ᠤᠯᠤᠰ ᠲᠦᠷᠦ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠶᠡᠭᠡ ᠳᠡᠭᠡᠳᠦ | ᠰᠤᠷᠭᠠᠭᠤᠯᠢ ᠪᠣᠯᠣᠨ ᠳᠤᠮᠳᠠᠳᠤ ᠪᠠᠭᠠ ᠰᠤᠷᠭᠠᠭᠤᠯᠢ ᠶᠢᠨ ᠦᠵᠡᠯ ᠰᠠᠨᠠᠭᠠ ᠤᠯᠤᠰ ᠲᠦᠷᠦ ᠶᠢᠨ ᠬᠥᠮᠦᠵᠢᠯ ᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨᠠ᠃ ᠬᠠᠤᠯᠢ ᠪᠠᠷ ᠤᠯᠤᠰ ᠢ ᠵᠠᠰᠠᠬᠤ ᠪᠠ ᠶᠣᠰᠣ ᠰᠤᠷᠲᠠᠬᠤᠨ ᠢᠶᠠᠷ | ᠤᠯᠤᠰ ᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠬᠠᠤᠯᠢᠵᠢᠯ ᠤᠨ ᠪᠠᠶᠢᠭᠤᠯᠤᠯᠲᠠ ᠳᠤ ᠠᠭᠤᠰᠬᠠᠨ᠂ ᠨᠡᠶᠢᠭᠡᠮ ᠤᠨ ᠬᠥᠭᠵᠢᠯᠲᠡ ᠳᠤ ᠠᠭᠤᠰᠬᠠᠵᠤ᠂ ᠡᠳᠦᠷ ᠲᠤᠳᠤᠮ ᠤᠨ | ᠠᠮᠢᠳᠤᠷᠠᠯ ᠳᠤ ᠠᠭᠤᠰᠬᠠᠨᠠ᠃ | ︵ᠭᠤᠷᠪᠠ︶ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶᠡ ᠶᠢ ᠳᠡᠭᠡᠭᠰᠢᠯᠡᠭᠦᠯᠦᠨᠡ᠃ ᠠᠷᠠᠳ ᠢᠷᠭᠡᠨ ᠤ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠶᠣᠰᠣ | ᠰᠤᠷᠲᠠᠬᠤᠨ ᠢ ᠪᠠᠳᠠᠷᠠᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭᠠ ᠶᠣᠰᠣ ᠰᠤᠷᠲᠠᠬᠤᠨ ᠤ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠵᠤ᠂ ᠶᠡᠭᠡ ᠶᠣᠰᠣ ᠶᠢ ᠮᠡᠳᠡᠭᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ ᠶᠣᠰᠣ ᠶᠢ | ᠴᠢᠩᠳᠠᠯᠠᠬᠤ ᠶᠢ ᠠᠬᠢᠭᠤᠯᠵᠤ᠂ ᠠᠷᠠᠳ ᠲᠦᠮᠡᠨ ᠤ ᠶᠣᠰᠣ ᠰᠤᠷᠲᠠᠬᠤᠨ ᠤ ᠲᠦᠪᠰᠢᠨ ᠪᠣᠯᠣᠨ ᠪᠣᠯᠪᠠᠰᠤᠨ ᠤ ᠬᠡᠪ | ᠪᠣᠯᠪᠠᠰᠤᠷᠠᠯ ᠢ ᠳᠡᠭᠡᠭᠰᠢᠯᠡᠭᠦᠯᠦᠨᠡ᠃ ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ | ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠪᠦᠭᠦ ᠨᠡᠶᠢᠭᠡᠮ ᠳᠤ ᠭᠦᠳᠡᠯᠮᠦᠷᠢ ᠶᠢᠨ ᠵᠣᠷᠢᠭ ᠰᠠᠨᠠᠭᠠ᠂ | ᠲᠡᠮᠡᠴᠡᠯ ᠤᠨ ᠵᠣᠷᠢᠭ ᠰᠠᠨᠠᠭᠠ᠂ ᠭᠤᠶᠠᠴᠢ ᠦᠭᠡᠢ ᠵᠢᠳᠭᠦᠭᠦ ᠵᠣᠷᠢᠭ ᠰᠠᠨᠠᠭᠠ᠂ ᠡᠭᠦᠳᠦᠨ ᠪᠦᠲᠦᠭᠡᠬᠦ ᠵᠣᠷᠢᠭ ᠰᠠᠨᠠᠭᠠ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭᠠ ᠶᠢ ᠪᠠᠳᠠᠷᠠᠭᠤᠯᠵᠤ᠂ ᠴᠠᠭ ᠦᠶᠡ ᠶᠢᠨ ᠰᠢᠨᠡ ᠬᠡᠪ ᠰᠤᠷᠲᠠᠯ | ᠰᠢᠨᠡ ᠳᠦᠷᠰᠦ ᠪᠠᠶᠢᠳᠠᠯ ᠢ ᠪᠤᠢ ᠪᠣᠯᠭᠠᠨᠠ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠨᠣᠮ ᠤᠩᠰᠢᠬᠤ ᠠᠵᠢᠯᠯᠠᠭᠠ ᠶᠢ ᠭᠦᠨᠵᠡᠭᠡᠶᠢᠷᠡᠭᠦᠯᠦᠨᠡ᠃ ᠰᠠᠶᠢᠨ | ᠳᠤᠷᠠ ᠶᠢᠨ ᠦᠢᠯᠡᠴᠢᠯᠡᠭᠡᠨ ᠤ ᠳᠦᠷᠢᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨᠡ᠃ ᠦᠨᠡᠨᠴᠢ | ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨᠡ᠃ ᠨᠠᠮ ᠪᠠ ᠤᠯᠤᠰ ᠤᠨ ᠭᠠᠪᠢᠶᠠ ᠵᠢᠳᠬᠦᠯ ᠢᠷᠠᠭᠤ ᠠᠯᠳᠠᠷ ᠢ | ᠬᠥᠬᠢᠭᠦᠯᠦᠨ ᠰᠠᠶᠢᠰᠢᠶᠠᠬᠤ ᠵᠣᠷᠢᠭ ᠰᠠᠨᠠᠭᠠᠨ ᠤ ᠬᠥᠲᠥᠯᠥᠨ ᠳᠠᠭᠠᠭᠤᠯᠬᠤ᠂ ᠨᠡᠶᠢᠲᠡᠯᠢᠭ ᠵᠢᠱᠢᠶᠡ ᠦᠵᠡᠭᠦᠯᠭᠦ ᠦᠢᠯᠡᠳᠦᠯ ᠢ | ᠪᠠᠳᠠᠷᠠᠭᠤᠯᠵᠤ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ | ᠳᠡᠭᠡᠳᠦᠯᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠤᠨᠠ᠃ | ︵ᠳᠥᠷᠪᠡ︶ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨᠡ᠃ | ᠠᠷᠠᠳ ᠲᠦᠮᠡᠨ ᠢᠶᠠᠷ ᠭᠤᠣᠯ ᠪᠤᠯᠭᠠᠬᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠠᠷᠠᠳ ᠲᠦᠮᠡᠨ ᠤ | ᠤᠶᠤᠨ ᠰᠠᠨᠠᠭᠠᠨ ᠤ ᠬᠦᠴᠦᠨ ᠴᠢᠳᠠᠯ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ ᠤᠯᠠᠨ ᠭᠠᠷᠭᠠᠵᠤ᠂ ᠮᠣᠷᠠᠯ ᠡᠷᠳᠡᠮ | ᠬᠤᠣᠰᠯᠠᠭᠰᠠᠨ ᠦᠯᠡᠮᠵᠢ ᠤᠯᠠᠨ ᠤᠳᠬᠠ ᠵᠣᠬᠢᠶᠠᠯᠴᠢ ᠤᠷᠠᠯᠢᠭᠴᠢᠳ ᠪᠣᠯᠣᠨ ᠬᠡᠪᠴᠢᠶᠡ ᠪᠠᠷ ᠠᠤᠭᠠ ᠶᠡᠭᠡ ᠰᠣᠶᠣᠯ | ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠤᠶᠢᠵᠢᠭᠤᠯᠤᠨᠠ᠃ ᠨᠡᠶᠢᠭᠡᠮ ᠤᠨ ᠦᠷᠡ ᠠᠰᠢᠭ ᠢ ᠲᠡᠷᠢᠭᠦᠨ | ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷᠡ ᠠᠰᠢᠭ ᠪᠣᠯᠣᠨ ᠠᠵᠤ ᠠᠬᠤᠢ ᠶᠢᠨ ᠦᠷᠡ ᠠᠰᠢᠭ ᠢ ᠨᠢᠭᠡᠳᠬᠡᠬᠦ ᠶᠢ | ᠪᠠᠷᠢᠮᠲᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠣᠶᠣᠯ ᠤᠨ ᠠᠵᠤ | ᠠᠬᠤᠢ ᠶᠢᠨ ᠲᠦᠷᠦ ᠶᠢᠨ ᠪᠣᠳᠣᠯᠭᠠ ᠶᠢ ᠲᠡᠭᠦᠯᠳᠡᠷᠵᠢᠭᠦᠯᠦᠨᠡ᠃ ᠤᠯᠤᠰ ᠤᠨ ᠰᠣᠶᠣᠯ ᠤᠨ ᠲᠤᠭᠠᠴᠢᠯᠠᠭᠤᠯᠤᠯᠳᠠ ᠶᠢᠨ | ᠪᠠᠶᠢᠯᠳᠤᠬᠤ ᠪᠣᠳᠣᠯᠭᠠ ᠶᠢ ᠬᠡᠷᠡᠭᠵᠢᠭᠦᠯᠵᠦ᠂ ᠤᠳᠤ ᠦᠶᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨᠡ ᠶᠢ ᠡᠭᠦᠳᠦᠨ | ᠬᠡᠷᠡᠭᠵᠢᠭᠦᠯᠦᠨᠡ᠃ ᠤᠳᠤ ᠦᠶᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠣᠨ ᠵᠠᠬᠠ ᠳᠡᠯᠭᠡᠭᠦᠷ ᠤᠨ | ᠰᠢᠰᠲ᠋ᠧᠮ ᠢ ᠪᠦᠷᠢᠨᠰᠢᠭᠦᠯᠵᠦ᠂ ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ | ᠪᠠᠶᠢᠯᠳᠤᠬᠤ ᠪᠣᠳᠣᠯᠭᠠ ᠶᠢ ᠬᠡᠷᠡᠭᠵᠢᠭᠦᠯᠦᠨᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ | ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠬᠤ | ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ | ᠰᠠᠶᠢᠲᠤᠷ ᠬᠡᠷᠡᠭᠯᠡᠨᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠭᠦ ᠶᠢ | ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨᠠ᠃ ᠪᠦᠭᠦ ᠠᠷᠠᠳ ᠤᠨ | ᠪᠡᠶᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭᠠ ᠶᠢ ᠥᠷᠭᠡᠨ ᠳᠡᠯᠭᠡᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ | ᠪᠡᠶᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠪᠡᠶᠡ ᠶᠢᠨ ᠲᠠᠮᠢᠷ ᠪᠣᠯᠣᠨ ᠥᠷᠢᠰᠦᠯᠳᠦᠭᠡᠨ ᠤ | ᠪᠡᠶᠡ ᠶᠢᠨ ᠲᠠᠮᠢᠷ ᠤᠨ ᠪᠦᠭᠦ ᠲᠠᠯᠠ ᠶᠢᠨ ᠬᠥᠭᠵᠢᠯᠲᠡ ᠶᠢ ᠠᠬᠢᠭᠤᠯᠵᠤ᠂ ᠪᠡᠶᠡ ᠶᠢᠨ ᠲᠠᠮᠢᠷ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠤᠨᠠ᠃ | ︵ᠲᠠᠪᠤ︶ ᠳᠤᠮᠳᠠᠳᠤ ᠶᠢᠨ ᠪᠣᠯᠪᠠᠰᠤᠨ ᠤ ᠳᠠᠮᠵᠢᠭᠤᠯᠭᠠ ᠶᠢᠨ ᠬᠦᠴᠦᠨ ᠪᠠ ᠨᠥᠯᠥᠭᠡᠯᠡᠬᠦ ᠬᠦᠴᠦᠨ ᠢ | ᠴᠢᠩᠭᠠᠷᠠᠭᠤᠯᠤᠨᠠ᠃ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ ᠤ | ᠤᠶᠤᠨ ᠰᠠᠨᠠᠭᠠᠨ ᠤ ᠪᠡᠯᠭᠡ ᠲᠡᠮᠳᠡᠭ ᠪᠣᠯᠣᠨ ᠰᠣᠶᠣᠯ ᠤᠨ ᠤᠭᠢ ᠰᠣᠳᠣ ᠶᠢ ᠪᠣᠯᠪᠠᠰᠤᠷᠠᠭᠤᠯᠤᠨ ᠳᠡᠯᠭᠡᠨ ᠦᠵᠡᠭᠦᠯᠵᠦ᠂ | ᠳᠤᠮᠳᠠᠳᠤ ᠤᠯᠤᠰ ᠤᠨ ᠦᠭᠡ ᠭᠡᠯᠡᠭᠦ ᠪᠠ ᠦᠭᠦᠯᠡᠭᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠤᠨ᠂ ᠢᠲᠡᠭᠡᠭᠦᠰᠢᠲᠡᠢ᠂ | ᠬᠠᠶᠢᠷᠠᠯᠠᠭᠤᠰᠢᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠳᠦᠷᠢ ᠲᠥᠷᠬᠦ ᠶᠢ ᠬᠠᠷᠠᠭᠤᠯᠤᠨᠠ᠃ ᠤᠯᠠᠨ | ᠤᠯᠤᠰ ᠤᠨ ᠳᠠᠮᠵᠢᠭᠤᠯᠭᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠤᠯᠤᠰ ᠤᠨ | ᠳᠠᠮᠵᠢᠭᠤᠯᠭᠠ ᠶᠢᠨ ᠦᠢᠯᠡᠳᠦᠯ ᠴᠢᠳᠠᠪᠤᠷᠢ ᠶᠢ ᠪᠦᠭᠦ ᠲᠠᠯᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠯᠤᠰ ᠤᠨ | ᠶᠡᠷᠦᠩᠬᠡᠢ ᠬᠦᠴᠦᠨ ᠪᠣᠯᠣᠨ ᠳᠡᠯᠡᠬᠡᠢ ᠶᠢᠨ ᠪᠠᠶᠢᠷᠢ ᠰᠠᠭᠤᠷᠢ ᠯᠤᠭᠠ ᠵᠣᠬᠢᠴᠠᠭᠰᠠᠨ ᠳᠡᠯᠡᠬᠡᠢ ᠳᠡᠭᠡᠷᠡᠬᠢ ᠦᠭᠡ ᠭᠡᠯᠡᠭᠦ | ᠡᠷᠬᠡ ᠶᠢ ᠪᠤᠢ ᠪᠣᠯᠭᠠᠨᠠ᠃ ᠪᠣᠯᠪᠠᠰᠤᠨ ᠤ ᠰᠣᠯᠢᠯᠴᠠᠭᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ | ᠨᠡᠩ ᠰᠠᠶᠢᠨ ᠢᠶᠠᠷ ᠳᠡᠯᠡᠬᠡᠢ ᠳ᠋ᠠᠬᠢᠨ ᠳᠤ ᠬᠠᠨᠳᠤᠬᠤ ᠶᠢ ᠠᠬᠢᠭᠤᠯᠤᠨᠠ᠃ | ᠶᠢᠰᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠦᠨᠡ | ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠦ ᠭᠦᠷᠤᠨ ᠢ ᠪᠠᠶᠢᠭᠤᠯᠵᠤ ᠲᠦᠷᠦ ᠭᠦᠷᠤᠨ ᠢᠶᠠᠨ | ᠰᠠᠬᠢᠬᠤ ᠳᠤ᠂ ᠰᠠᠬᠢᠵᠤ ᠪᠠᠶᠢᠭᠠ ᠨᠢ ᠠᠷᠠᠳ ᠲᠦᠮᠡᠨ ᠤ ᠰᠡᠳᠬᠢᠯ ᠶᠤᠮ᠃ ᠲᠦᠷᠤ ᠶᠢ ᠵᠠᠰᠠᠬᠤ ᠳᠤᠷ ᠲᠣᠭᠲᠠᠭᠰᠠᠨ | ᠪᠣᠳᠣᠯᠭᠠ ᠠᠮᠣᠢ᠂ ᠠᠷᠠᠳ ᠲᠤ ᠠᠰᠢᠭ ᠬᠦᠷᠲᠡᠭᠡᠬᠦ ᠠᠨᠤ ᠦᠨᠳᠦᠰᠦ ᠪᠤᠯᠠᠢ᠃ ᠠᠷᠠᠳ ᠲᠦᠮᠡᠨ ᠳᠤ ᠪᠤᠶᠠᠨ ᠦᠢᠯᠡᠳᠭᠦ | ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ | ᠱᠠᠭᠠᠷᠳᠠᠯᠭᠠ ᠮᠥᠨ᠃ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ | ᠪᠠᠷᠢᠮᠲᠠᠯᠠᠵᠤ᠂ ᠬᠠᠮᠲᠤ ᠪᠠᠷ ᠲᠡᠮᠡᠴᠡᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢ ᠵᠣᠷᠢᠭᠵᠢᠭᠤᠯᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠦᠨᠡ᠃ | ᠪᠢᠳᠡ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ | ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ | ᠪᠠᠶᠢᠭᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭᠠ ᠠᠳᠬᠤᠨ᠂ ᠪᠦᠭᠦ | ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ | ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠨᠨ ᠠᠷᠭᠠ ᠬᠡᠮᠵᠢᠶᠡ ᠠᠪᠴᠤ᠂ ᠠᠷᠠᠳ ᠤᠯᠠᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠭᠦᠷᠳᠡᠭᠦ᠋ᠢᠴᠡ ᠴᠢᠨᠠᠷ ᠢ ᠴᠢᠩᠭᠠᠳᠬᠠᠵᠤ᠂ ᠬᠠᠮᠲᠤ ᠪᠠᠷ ᠴᠢᠨᠡᠭᠡᠯᠢᠭᠵᠢᠬᠦ ᠶᠢ | ᠯᠠᠪᠳᠠᠭᠤᠨ ᠪᠠᠲᠤᠲᠠᠢ ᠠᠬᠢᠭᠤᠯᠤᠨᠠ᠃ | ︵ᠨᠢᠭᠡ︶ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨᠡ᠃ ᠬᠤᠪᠢᠶᠠᠷᠢᠯᠠᠯᠲᠠ ᠶᠢᠨ ᠳᠦᠷᠢᠮ ᠪᠣᠯ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠳᠦᠷᠢᠮ ᠮᠥᠨ᠃ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ ᠤᠯᠠᠨ ᠲᠦᠷᠤᠯ ᠤᠨ ᠬᠤᠪᠢᠶᠠᠷᠢᠯᠠᠯᠲᠠ ᠶᠢᠨ ᠠᠷᠭᠠ ᠭᠡᠯᠪᠡᠷᠢ ᠶᠢ | ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ᠂ ᠲᠠᠭᠢᠨ ᠬᠤᠪᠢᠶᠠᠷᠢᠯᠠᠯᠲᠠ᠂ ᠭᠤᠷᠪᠠᠳᠠᠭᠢ | ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨᠠ᠃ ᠤᠯᠤᠰ | ᠠᠷᠠᠳ ᠤᠨ ᠣᠷᠣᠯᠭᠠ ᠶᠢᠨ ᠬᠤᠪᠢᠶᠠᠷᠢᠯᠠᠯᠲᠠ ᠳᠤ ᠡᠵᠡᠯᠡᠭᠦ ᠰᠠᠭᠤᠭᠠᠯᠢ ᠠᠷᠠᠳ ᠤᠨ ᠣᠷᠣᠯᠭᠠ ᠶᠢᠨ ᠬᠤᠪᠢ ᠶᠢᠨ ᠵᠢᠩ ᠢ | ᠴᠢᠷᠮᠠᠶᠢᠨ ᠳᠡᠭᠡᠭᠰᠢᠯᠡᠭᠦᠯᠵᠦ᠂ ᠠᠩᠬᠠᠨ ᠤ ᠬᠤᠪᠢᠶᠠᠷᠢᠯᠠᠯᠲᠠ ᠳᠤ ᠡᠵᠡᠯᠡᠭᠦ ᠭᠦᠳᠡᠯᠮᠦᠷᠢ ᠶᠢᠨ ᠬᠥᠯᠥᠰᠦ ᠣᠯᠭᠤᠮᠵᠢ ᠶᠢᠨ | ᠬᠤᠪᠢ ᠶᠢᠨ ᠵᠢᠩ ᠢ ᠳᠡᠭᠡᠭᠰᠢᠯᠡᠭᠦᠯᠦᠨᠡ᠃ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ ᠶᠢ ᠪᠠᠷᠢᠮᠲᠠᠯᠠᠨ᠂ ᠠᠵᠢᠯᠴᠢ | ᠭᠦᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠲᠣᠭᠢᠶᠠᠯ ᠢ ᠲᠥᠪ ᠭᠤᠣᠯᠴᠢ ᠪᠠᠶᠢᠯᠭᠠᠬᠤ ᠶᠢ ᠠᠬᠢᠭᠤᠯᠤᠨ᠂ | ᠣᠷᠣᠯᠭᠠ ᠪᠠᠭᠠᠲᠠᠢ ᠬᠥᠮᠥᠰ ᠤᠨ ᠣᠷᠣᠯᠭᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭᠠ ᠲᠠᠢ ᠬᠥᠮᠥᠰ ᠤᠨ | ᠲᠤᠭᠠ ᠶᠢ ᠨᠡᠮᠡᠭᠳᠡᠭᠦᠯᠦᠨᠡ᠃ ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ ᠶᠢᠨ ᠪᠣᠳᠣᠯᠭᠠ ᠶᠢᠨ ᠳᠦᠷᠢᠮ ᠢ | ᠲᠡᠭᠦᠯᠳᠡᠷᠵᠢᠭᠦᠯᠵᠦ᠂ ᠳᠤᠮᠳᠠ ᠳᠣᠣᠷᠠ ᠣᠷᠣᠯᠭᠠ ᠲᠠᠢ ᠣᠯᠠᠨ ᠲᠦᠮᠡᠨ ᠤ ᠬᠦᠴᠦᠨ ᠵᠦᠢᠯ ᠤᠨ ᠣᠷᠣᠯᠭᠠ ᠶᠢ ᠣᠯᠠᠨ | ᠠᠷᠭᠠ ᠵᠠᠮ ᠢᠶᠠᠷ ᠨᠡᠮᠡᠭᠳᠡᠭᠦᠯᠬᠦ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳ᠋ | ᠬᠥᠷᠥᠩᠭᠡ ᠶᠢᠨ ᠴᠢᠨᠠᠷᠲᠠᠢ ᠣᠷᠣᠯᠭᠠ ᠶᠢ ᠣᠯᠠᠨ ᠠᠷᠭᠠ ᠵᠠᠮ ᠢᠶᠠᠷ ᠨᠡᠮᠡᠭᠳᠡᠭᠦᠯᠦᠨᠡ᠃ ᠭᠠᠶᠢᠯᠢ ᠲᠠᠲᠠᠪᠤᠷᠢ᠂ ᠨᠡᠶᠢᠭᠡᠮ ᠤᠨ | ᠪᠠᠲᠤᠯᠠᠭᠠ᠂ ᠰᠢᠯᠵᠢᠭᠦᠯᠦᠨ ᠥᠭᠭᠦ ᠵᠡᠷᠭᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨᠠ᠃ ᠬᠤᠪᠢ ᠬᠥᠮᠥᠨ ᠤ ᠠᠰᠢᠭ | ᠣᠯᠵᠠᠪᠤᠷᠢ ᠶᠢᠨ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠣᠷᠣᠯᠭᠠ ᠶᠢᠨ ᠬᠤᠪᠢᠶᠠᠷᠢᠯᠠᠯᠲᠠ ᠶᠢᠨ ᠡᠮᠬᠢ ᠵᠢᠷᠤᠮ ᠢ | ᠵᠢᠷᠤᠮᠵᠢᠭᠤᠯᠤᠨ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠵᠤ᠂ ᠬᠠᠤᠯᠢ ᠶᠣᠰᠣᠨ ᠤ ᠣᠷᠣᠯᠭᠠ ᠶᠢ | ᠬᠠᠮᠠᠭᠠᠯᠠᠨ᠂ ᠭᠡᠳᠦ ᠥᠨᠳᠥᠷ ᠣᠷᠣᠯᠭᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭᠠ ᠶᠢ ᠴᠠᠭᠠᠵᠠᠯᠠᠨᠠ᠃ | ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠥᠨ ᠤ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠬᠥᠲᠥᠯᠥᠨ | ᠵᠢᠯᠤᠭᠤᠳᠴᠤ ᠳᠡᠮᠵᠢᠨᠡ᠃ | ︵ᠬᠤᠶᠠᠷ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭᠠ ᠶᠢ ᠬᠡᠷᠡᠭᠵᠢᠭᠦᠯᠦᠨᠡ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠥᠷᠥ ᠶᠢᠨ ᠪᠣᠳᠣᠯᠭᠠ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ | ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨᠠ᠃ ᠠᠵᠢᠯ ᠣᠯᠭᠤᠯᠲᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠭᠤᠣᠯᠳᠠᠯᠭᠠ ᠲᠠᠢ ᠬᠥᠮᠥᠰ ᠤᠨ ᠠᠵᠢᠯ ᠣᠯᠭᠤᠯᠲᠠ ᠶᠢ | ᠳᠡᠮᠵᠢᠭᠦ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠬᠥᠮᠥᠰ ᠤᠨ ᠠᠵᠢᠯ ᠣᠯᠭᠤᠯᠲᠠ ᠳᠤ ᠦᠨᠳᠦᠰᠦᠨ | ᠵᠦᠢᠯ ᠢ ᠨᠢ ᠪᠠᠲᠤᠯᠠᠵᠤ ᠬᠠᠪᠰᠤᠷᠤᠨ ᠲᠡᠳᠭᠦᠭᠦ ᠶᠢ ᠴᠢᠩᠭᠠᠳᠬᠠᠨᠠ᠃ ᠬᠤᠳᠠ ᠬᠥᠳᠡᠭᠡ ᠶᠢᠨ ᠠᠵᠢᠯ ᠣᠯᠭᠤᠯᠲᠠ ᠶᠢᠨ | ᠲᠦᠷᠦ ᠶᠢᠨ ᠪᠣᠳᠣᠯᠭᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠵᠦ᠂ ᠭᠦᠳᠡᠯᠮᠦᠷᠢ ᠬᠦᠴᠦ ᠪᠣᠯᠣᠨ ᠴᠢᠳᠠᠪᠤᠷᠢᠲᠠᠨ ᠤ | ᠰᠢᠯᠵᠢᠯᠲᠡ ᠶᠢ ᠬᠠᠷᠰᠢᠯᠠᠵᠤ ᠪᠠᠶᠢᠭᠠ ᠪᠠᠶᠢᠭᠤᠯᠤᠮᠵᠢ ᠪᠠ ᠲᠦᠷᠦ ᠶᠢᠨ ᠪᠣᠳᠣᠯᠭᠠ ᠶᠢᠨ ᠭᠡᠮ ᠰᠣᠭᠤᠭ ᠢ ᠠᠷᠢᠯᠭᠠᠨ᠂ ᠡᠷᠬᠡ | ᠲᠡᠭᠰᠢ ᠠᠵᠢᠯ ᠣᠯᠭᠤᠯᠲᠠ ᠶᠢ ᠨᠥᠯᠥᠭᠡᠯᠡᠵᠦ ᠪᠠᠶᠢᠭᠠ ᠵᠦᠢ ᠵᠣᠬᠢᠰ ᠦᠭᠡᠢ ᠬᠢᠵᠠᠭᠠᠷᠯᠠᠯ ᠪᠣᠯᠣᠨ ᠠᠵᠢᠯ ᠣᠯᠭᠤᠯᠲᠠ ᠶᠢᠨ | ᠭᠠᠳᠠᠭᠤᠷᠴᠢᠯᠠᠯ ᠢ ᠠᠷᠢᠯᠭᠠᠵᠤ᠂ ᠬᠥᠮᠥᠨ ᠪᠦᠭᠦᠨ ᠳᠤ ᠴᠥᠮ ᠰᠢᠷᠭᠠᠭᠤ ᠭᠦᠳᠡᠯᠮᠦᠷᠢ ᠪᠠᠷ ᠢᠶᠠᠨ ᠥᠪᠡᠷ ᠢ ᠪᠠᠨ | ᠬᠥᠭᠵᠢᠭᠦᠯᠬᠦ ᠵᠠᠪᠰᠢᠶᠠᠨ ᠲᠠᠢ ᠪᠣᠯᠭᠠᠨᠠ᠃ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠳᠦᠷᠢᠮ ᠢ ᠪᠦᠷᠢᠨᠰᠢᠭᠦᠯᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ | ᠰᠢᠢᠳᠪᠦᠷᠢᠯᠡᠬᠦ ᠶᠢ ᠠᠬᠢᠭᠤᠯᠤᠨᠠ᠃ ᠦᠢᠯᠡᠰ ᠪᠣᠰᠬᠠᠬᠤ ᠪᠠᠷ ᠲᠠᠮᠵᠢᠨ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ | ᠪᠠᠲᠤᠯᠠᠭᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨᠡ ᠭᠡᠯᠪᠡᠷᠢ ᠪᠠᠶᠢᠳᠠᠯ ᠢ ᠬᠥᠭᠵᠢᠭᠦᠯᠬᠦ ᠶᠢ | ᠲᠡᠮᠵᠢᠵᠤ ᠵᠢᠷᠤᠮᠵᠢᠭᠤᠯᠤᠨᠠ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠵᠦ᠂ | ᠭᠦᠳᠡᠯᠮᠦᠷᠢ ᠶᠢᠨ ᠬᠠᠷᠢᠴᠠᠭᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ | ᠡᠷᠬᠡ ᠠᠰᠢᠭ ᠤᠨ ᠪᠠᠲᠤᠯᠠᠭᠠ ᠶᠢᠨ ᠳᠦᠷᠢᠮ ᠢ ᠲᠡᠭᠦᠯᠳᠡᠷᠵᠢᠭᠦᠯᠵᠦ᠂ ᠠᠮᠢᠳᠤᠯᠢᠭ ᠢᠶᠠᠷ ᠠᠵᠢᠯ ᠣᠯᠬᠤ ᠪᠠ ᠰᠢᠨᠡ ᠭᠡᠯᠪᠡᠷᠢ | ᠪᠠᠶᠢᠳᠠᠯ ᠢᠶᠠᠷ ᠠᠵᠢᠯ ᠣᠯᠬᠤ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭᠠ ᠶᠢ ᠴᠢᠩᠭᠠᠳᠬᠠᠨᠠ᠃ | ︵ᠭᠤᠷᠪᠠ︶ ᠨᠡᠶᠢᠭᠡᠮ ᠤᠨ ᠪᠠᠲᠤᠯᠠᠭᠠ ᠶᠢᠨ ᠰᠢᠰᠲ᠋ᠧᠮ ᠢ ᠪᠦᠷᠢᠨᠰᠢᠭᠦᠯᠦᠨᠡ᠃ ᠨᠡᠶᠢᠭᠡᠮ ᠤᠨ ᠪᠠᠲᠤᠯᠠᠭᠠ ᠶᠢᠨ | ᠰᠢᠰᠲ᠋ᠧᠮ ᠪᠣᠯ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ | ᠲᠣᠭᠲᠠᠪᠤᠷᠢᠵᠢᠭᠤᠯᠤᠭᠴᠢ ᠮᠥᠨ᠃ ᠪᠦᠭᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦ᠋ᠢᠴᠡ ᠤᠯᠠᠨ | ᠲᠡᠰ ᠳᠠᠪᠬᠤᠷᠭᠠ ᠶᠢᠨ ᠨᠡᠶᠢᠭᠡᠮ ᠤᠨ ᠪᠠᠲᠤᠯᠠᠭᠠ ᠶᠢᠨ ᠰᠢᠰᠲ᠋ᠧᠮ ᠢ ᠪᠦᠷᠢᠨᠰᠢᠭᠦᠯᠦᠨᠡ᠃ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠳᠠᠭᠠᠳᠬᠠᠯ ᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ ᠲᠡᠭᠦᠯᠳᠡᠷᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠤᠯᠠᠨ ᠲᠡᠰ ᠳᠠᠪᠬᠤᠷᠭᠠᠲᠤ᠂ ᠤᠯᠠᠨ ᠲᠤᠯᠭᠠᠭᠤᠷᠢᠳᠤ ᠰᠢᠰᠲ᠋ᠧᠮ ᠢ ᠬᠥᠭᠵᠢᠭᠦᠯᠦᠨᠡ᠃ | ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠠᠭᠠᠵᠢᠮ ᠠᠬᠢᠭᠤᠯᠬᠤ ᠮᠠᠶ᠋ᠢᠭ ᠢᠶᠠᠷ ᠬᠤᠶᠢᠰᠢᠯᠠᠭᠤᠯᠬᠤ ᠶᠢ | ᠬᠡᠷᠡᠭᠵᠢᠭᠦᠯᠦᠨᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶᠡ ᠶᠢ ᠥᠷᠭᠡᠳᠬᠡᠵᠦ᠂ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠳᠠᠭᠠᠳᠬᠠᠯ᠂ ᠡᠮᠴᠢᠯᠡᠭᠡᠨ ᠤ ᠦᠨᠳᠦᠰᠦᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ | ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ | ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ | ᠠᠬᠢᠭᠤᠯᠤᠨᠠ᠃ ᠣᠯᠠᠨ ᠳᠡᠰ ᠳᠠᠪᠬᠤᠷᠭᠠ ᠶᠢᠨ ᠡᠮᠴᠢᠯᠡᠭᠡᠨ ᠤ ᠪᠠᠲᠤᠯᠠᠭᠠ ᠶᠢ ᠡᠮᠬᠢ ᠵᠢᠷᠤᠮ ᠲᠠᠢ ᠵᠣᠯᠭᠠᠭᠤᠯᠬᠤ ᠶᠢ | ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ | ᠲᠡᠭᠦᠯᠳᠡᠷᠵᠢᠭᠦᠯᠦᠨ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ | ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠂ | ᠬᠤᠳᠠᠯᠳᠤᠭᠠᠨ ᠤ ᠡᠮᠴᠢᠯᠡᠭᠡᠨ ᠤ ᠳᠠᠭᠠᠳᠬᠠᠯ ᠢ ᠢᠳᠡᠪᠬᠢᠲᠡᠢ ᠬᠥᠭᠵᠢᠭᠦᠯᠦᠨᠡ᠃ ᠪᠦᠭᠦ ᠤᠯᠤᠰ ᠤᠨ ᠨᠡᠶᠢᠭᠡᠮ ᠤᠨ | ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠦᠨᠡ᠃ | ᠨᠡᠶᠢᠭᠡᠮ ᠤᠨ ᠪᠠᠲᠤᠯᠠᠭᠠ ᠶᠢᠨ ᠰᠠᠭᠤᠷᠢ ᠮᠥᠩᠭᠦ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠪᠠ ᠠᠮᠤᠷ | ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨᠡ᠃ ᠲᠡᠰ ᠳᠠᠪᠬᠤᠷᠭᠠ ᠪᠠ ᠲᠦᠷᠦᠯ ᠬᠤᠪᠢᠶᠠᠭᠰᠠᠨ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ | ᠦᠨᠳᠦᠰᠦᠨ ᠪᠣᠳᠣᠯᠭᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨᠠ᠃ | ᠵᠡᠮᠳᠡᠭᠴᠦᠳ ᠤᠨ ᠨᠡᠶᠢᠭᠡᠮ ᠤᠨ ᠪᠠᠲᠤᠯᠠᠭᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯᠠ ᠶᠢᠨ ᠬᠥᠭᠵᠢᠯᠲᠡ ᠶᠢ ᠠᠬᠢᠭᠤᠯᠤᠨᠠ᠃ ᠭᠡᠷ ᠪᠠᠶᠢᠰᠢᠩ ᠢ | ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭᠠ ᠵᠠᠮ ᠢᠶᠠᠷ ᠪᠠᠲᠤᠯᠠᠬᠤ᠂ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠳᠬᠡᠨ | ᠪᠠᠶᠢᠭᠤᠯᠤᠨᠠ᠃ | ︵ᠳᠥᠷᠪᠡ︶ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨᠠ᠃ ᠠᠷᠠᠳ | ᠲᠦᠮᠡᠨ ᠤ ᠡᠷᠡᠭᠦᠯ ᠮᠡᠨᠳᠦ ᠪᠣᠯ ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠬᠦᠴᠦᠷᠬᠡᠭᠵᠢᠯ ᠤᠨ ᠴᠢᠬᠤᠯᠠ | ᠪᠡᠯᠭᠡ ᠲᠡᠮᠳᠡᠭ ᠮᠥᠨ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ | ᠪᠣᠳᠣᠯᠭᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭᠠ ᠶᠢ | ᠲᠡᠭᠦᠯᠳᠡᠷᠵᠢᠭᠦᠯᠦᠨᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭᠠ ᠶᠢ ᠰᠢᠯᠢᠳᠡᠭᠵᠢᠭᠦᠯᠤᠨ᠂ ᠦᠷᠡᠵᠢᠯ ᠢ | ᠳᠡᠮᠵᠢᠬᠦ ᠲᠥᠷᠥ ᠶᠢᠨ ᠪᠣᠳᠣᠯᠭᠠ ᠶᠢᠨ ᠰᠢᠰᠲ᠋ᠧᠮ ᠢ ᠪᠠᠶᠢᠭᠤᠯᠵᠤ᠂ ᠲᠦᠷᠤᠬᠦ᠂ ᠦᠰᠭᠡᠨ ᠬᠦᠮᠤᠵᠢᠬᠦᠯᠬᠦ᠂ ᠰᠤᠷᠭᠠᠨ | ᠬᠥᠮᠦᠵᠢᠬᠦᠯᠬᠦ ᠥᠪᠡᠷ ᠤᠨ ᠥᠷᠲᠡᠭ ᠢ ᠪᠠᠭᠤᠷᠠᠭᠤᠯᠤᠨᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ | ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ | ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ ᠭᠤᠤᠨᠢ ᠪᠡᠶᠠ ᠨᠠᠰᠤᠳᠠᠨ ᠳᠤ ᠦᠢᠯᠡᠴᠢᠯᠡᠬᠦ | ᠦᠢᠯᠡᠴᠢᠯᠡᠭᠡ ᠶᠢ ᠰᠢᠯᠢᠳᠡᠭᠵᠢᠭᠦᠯᠵᠦ᠂ ᠪᠦᠬᠦ᠋ᠢᠯᠡ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠦᠢᠯᠡᠴᠢᠯᠡᠭᠡ ᠶᠢ ᠡᠳ᠋ᠯᠡᠭᠦᠯᠬᠦ ᠶᠢ ᠠᠬᠢᠭᠤᠯᠤᠨᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ | ᠳᠠᠭᠠᠳᠭᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨᠠ᠃ ᠴᠢᠨᠠᠷ | ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶᠠ ᠶᠢ ᠥᠷᠭᠡᠳᠭᠡᠬᠦ ᠪᠠ ᠣᠷᠣᠨ ᠪᠦᠰᠡ ᠶᠢᠨ ᠲᠡᠩᠴᠡᠭᠦᠷᠢᠲᠡᠶ | ᠪᠠᠶᠢᠷᠢᠰᠢᠭᠤᠯᠤᠯᠳᠠ ᠶᠢ ᠠᠬᠢᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠨᠳᠦ ᠶᠡᠭᠡ ᠠᠷᠬᠠᠬ | ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨᠡ᠃ ᠨᠡᠶᠢᠲᠡ ᠶᠢᠨ | ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ | ᠵᠢᠷᠤᠮᠵᠢᠭᠤᠯᠤᠨᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ | ᠭᠤᠣᠯᠳᠠᠯᠭᠠ ᠪᠠᠨ ᠬᠥᠳᠡᠭᠡ ᠲᠣᠰᠭᠤᠨ ᠪᠠ ᠨᠡᠶᠢᠭᠡᠮ ᠲᠣᠭᠤᠷᠢᠭ ᠲᠤ ᠲᠠᠯᠪᠢᠨᠠ᠃ ᠰᠡᠳᠭᠢᠴᠡ ᠶᠢᠨ ᠡᠷᠡᠭᠦᠯ ᠮᠡᠨᠳᠦ ᠪᠠ | ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨᠡ ᠶᠢ | ᠡᠭᠦᠳᠦᠨ ᠬᠥᠭᠵᠢᠭᠦᠯᠬᠦ ᠶᠢ ᠠᠬᠢᠭᠤᠯᠤᠨᠠ᠃ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠰᠡᠷᠭᠡᠶᠢᠯᠡᠬᠦ ᠶᠢ | ᠠᠭᠤᠰᠤᠯᠴᠠᠭᠤᠯᠬᠤ ᠲᠣᠭᠲᠠᠴᠠ ᠶᠢᠨ ᠰᠢᠨᠡ ᠶᠢ ᠡᠭᠦᠳᠴᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ | ᠪᠦᠷᠢᠨᠰᠢᠭᠦᠯᠦᠨ᠂ ᠬᠦᠨᠳᠦ ᠶᠡᠭᠡ ᠬᠢᠵᠢᠭ ᠢ ᠡᠷᠲᠡᠬᠡᠨ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ | ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠰᠢᠰᠲ᠋ᠧᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠨ | ᠲᠡᠯᠭᠡᠷᠡᠬᠦ ᠶᠢ ᠪᠦᠲᠦᠮᠵᠢᠲᠡᠶ ᠬᠤᠷᠢᠭᠯᠠᠨᠠ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭᠠ ᠪᠤᠯᠤᠨ ᠡᠭᠡ ᠤᠷᠤᠨᠴᠢ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭᠠ ᠬᠡᠯᠪᠡᠷᠢ ᠶᠢ | ᠰᠠᠨᠠᠭᠠᠴᠢᠯᠠᠨᠠ᠃ | ᠠᠷᠪᠠ᠂ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶᠡ ᠵᠣᠬᠢᠴᠠᠩᠭᠤᠢ | ᠬᠠᠮᠲᠤ ᠣᠷᠣᠰᠢᠬᠤ ᠶᠢ ᠠᠬᠢᠭᠤᠯᠤᠨᠠ ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ | ᠬᠦᠭᠵᠢᠬᠦ ᠶᠢᠨ ᠦᠨᠳᠦᠰᠦᠨ ᠨᠥᠬᠦᠴᠡᠯ ᠮᠥᠨ᠃ ᠪᠠᠶᠢᠭᠠᠯᠢ ᠶᠢ ᠬᠦᠨᠳᠦᠳᠭᠡᠨ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ | ᠬᠠᠮᠠᠭᠠᠯᠠᠬᠤ ᠪᠣᠯ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯᠠ ᠪᠠᠷ ᠪᠦᠳᠦᠭᠡᠨ ᠪᠠᠶᠢᠭᠤᠯᠬᠤ ᠶᠢᠨ | ᠳᠣᠲᠣᠭᠠᠳᠤ ᠱᠠᠭᠠᠷᠳᠠᠯᠭᠠ ᠮᠥᠨ᠃ ᠡᠷᠬᠡᠪᠰᠢ ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠦᠨ ᠬᠢᠬᠡᠳ ᠪᠠᠶᠢᠭᠠᠯᠢ ᠡᠶᠡ | ᠵᠣᠬᠢᠴᠠᠩᠭᠤᠢ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠲᠦᠯᠦᠪᠯᠡᠬᠦ ᠬᠡᠷᠡᠭᠲᠡᠢ᠃ | ᠪᠢᠳᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ | ᠤᠰᠤ ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠩᠬᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ | ᠪᠣᠬᠢᠷᠲᠤᠯ ᠢ ᠵᠠᠰᠠᠬᠤ᠂ ᠠᠮᠢ ᠠᠬᠤᠶ ᠶᠢ ᠬᠠᠮᠠᠭᠠᠯᠠᠬᠤ᠂ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠶᠢ | ᠨᠢᠭᠡᠳᠦᠯᠲᠡᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ | ᠪᠠᠭᠠᠰᠭᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ | ᠠᠮᠢ ᠠᠬᠤᠶ ᠶᠢ ᠤᠷᠢᠳ ᠢᠶᠠᠷ ᠪᠤᠳᠤᠯᠬᠢᠯᠠᠬᠰᠠᠨ᠂ ᠠᠷᠪᠢᠴᠢ ᠡᠷᠴᠢᠮᠯᠢᠭ᠂ ᠪᠤᠬᠢᠷᠳᠤᠯ ᠦᠭᠡᠢ ᠳᠤᠤᠷᠡ | ᠨᠡᠭᠦᠷᠡᠰᠦᠲᠥ᠋ᠷᠥᠭᠴᠢᠳᠦ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠨᠢᠭᠡ︶ ᠬᠦᠭᠵᠢᠯᠳᠡ ᠶᠢᠨ ᠬᠡᠯᠪᠡᠷᠢ ᠶᠢᠨ ᠪᠤᠬᠢᠷᠳᠤᠯ ᠦᠬᠡᠢ ᠲᠡᠶᠢᠰᠢ ᠬᠤᠪᠢᠷᠠᠬᠤ ᠶᠢ ᠲᠦᠷᠬᠡᠤᠨᠬᠡᠨᠠ᠃ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠤᠬᠢᠷᠳᠤᠯ ᠦᠭᠡᠶᠢᠵᠢᠯᠳᠡ᠂ ᠪᠠᠭᠠ ᠨᠡᠭᠦᠷᠡᠰᠦᠳᠦ᠋ᠷᠦᠭᠴᠢᠵᠢᠯᠲᠡ ᠶᠢ ᠠᠬᠢᠭᠤᠯᠬᠤ | ᠪᠣᠯ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭᠠ ᠶᠢᠨ ᠭᠤᠭᠴᠤᠭᠠ ᠮᠥᠨ᠃ ᠠᠵᠤ ᠦᠢᠯᠡᠰ ᠤᠨ | ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ | ᠰᠢᠯᠢᠳᠡᠭᠵᠢᠭᠦᠯᠬᠦ ᠶᠢ ᠲᠦᠷᠭᠡᠳᠭᠡᠨ ᠠᠬᠢᠭᠤᠯᠤᠨᠠ᠃ ᠪᠦᠬᠦ ᠲᠠᠯᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭᠠ ᠶᠢ | ᠬᠡᠷᠡᠭᠵᠢᠭᠦᠯᠵᠦ᠂ ᠡᠯᠡ ᠲᠦᠷᠦᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ | ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠤᠨᠠ᠃ ᠪᠤᠬᠢᠷᠳᠤᠯ ᠦᠭᠡᠢ | ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨᠡ | ᠬᠠᠩᠰᠢ ᠶᠢᠨ ᠲᠥᠷᠥ ᠶᠢᠨ ᠪᠤᠳᠤᠯᠭᠠ ᠪᠠ ᠪᠠᠷᠢᠮᠵᠢᠶᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠤᠬᠢᠷᠳᠤᠯ ᠦᠭᠡᠢ ᠪᠠᠭᠠ | ᠨᠡᠭᠦᠷᠡᠰᠦᠲᠥ᠋ᠷᠥᠭᠴᠢᠳᠦ ᠠᠵᠤ ᠦᠢᠯᠡᠰ ᠢ ᠬᠥᠭᠵᠢᠭᠦᠯᠵᠦ᠂ ᠡᠬᠢ ᠪᠠᠶᠠᠯᠢᠭ ᠣᠷᠴᠢᠨ ᠠᠬᠤᠢ ᠶᠢᠨ ᠡᠯᠧᠮᠧᠨ᠋ᠲ ᠢ ᠵᠠᠬᠠ | ᠳᠡᠯᠭᠡᠭᠦᠷᠴᠢᠯᠡᠨ ᠲᠤᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠭᠡᠵᠦ᠂ ᠪᠤᠬᠢᠷᠳᠤᠯ ᠦᠭᠡᠢ ᠬᠡᠷᠡᠭᠯᠡᠭᠡ ᠶᠢ ᠰᠠᠨᠠᠭᠠᠴᠢᠯᠠᠵᠤ᠂ ᠪᠤᠬᠢᠷᠳᠤᠯ ᠦᠭᠡᠢ ᠪᠠᠭᠠ ᠨᠡᠭᠦᠷᠡᠰᠦᠲᠥ᠋ᠷᠥᠭᠴᠢᠲᠦ | ᠦᠢᠯᠡᠳᠪᠦᠷᠢᠯᠡᠯ ᠤᠨ ᠠᠷᠭᠠ ᠮᠠᠶ᠋ᠢᠭ ᠪᠠ ᠠᠮᠢᠳᠤᠷᠠᠯ ᠤᠨ ᠠᠷᠭᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨᠠ᠃ | ︵ᠬᠤᠶᠠᠷ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠤᠨᠠ᠃ ᠨᠠᠷᠢᠯᠢᠭ | ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ | ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠴᠡᠯᠮᠡᠭ ᠠᠭᠠᠷ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨᠠ᠃ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ | ᠴᠢᠩᠭᠠᠳᠬᠠᠵᠤ᠂ ᠬᠦᠨᠳᠦ ᠪᠣᠬᠢᠷᠲᠤᠯᠳᠤ ᠴᠠᠭ ᠠᠭᠤᠷ ᠢ ᠦᠨᠳᠦᠰᠦᠨ ᠳᠡᠭᠡᠨ ᠠᠷᠢᠯᠭᠠᠨᠠ᠃ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠬᠦᠯᠵᠦ᠂ ᠴᠢᠬᠤᠯᠠ | ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ ᠠᠬᠢᠭᠤᠯᠵᠤ᠂ ᠬᠤᠲᠠ ᠶᠢᠨ ᠪᠣᠬᠢᠷ | ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨᠠ᠃ ᠬᠥᠷᠥᠰᠥ ᠰᠢᠷᠤᠢ ᠶᠢᠨ ᠪᠣᠬᠢᠷᠲᠤᠯ ᠢ ᠡᠬᠢ | ᠡᠬᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠰᠢᠨᠡ ᠪᠣᠬᠢᠷᠲᠤᠯ ᠪᠣᠳᠠᠰ ᠢ ᠵᠠᠰᠠᠬᠤ ᠠᠵᠢᠯ ᠢ | ᠥᠷᠨᠢᠭᠦᠯᠦᠨᠡ᠃ ᠣᠷᠴᠢᠨ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ | ᠠᠬᠢᠭᠤᠯᠤᠨᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯᠠ ᠪᠠᠷ ᠬᠡᠷᠡᠭᠵᠢᠭᠦᠯᠵᠦ᠂ | ᠤᠳᠤ ᠦᠶᠡ ᠶᠢᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨᠡ᠃ ᠣᠷᠴᠢᠨ ᠠᠬᠤᠢ ᠶᠢᠨ ᠠᠶᠤᠯ | ᠲᠦᠭᠰᠢᠭᠦᠷᠢ ᠶᠢ ᠴᠢᠩᠭᠠ ᠰᠡᠷᠭᠡᠶᠢᠯᠡᠨ ᠡᠵᠡᠮᠳᠡᠨᠡ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨᠠ᠃ | ︵ᠭᠤᠷᠪᠠ︶ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ | ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨᠡ᠃ ᠤᠯᠤᠰ ᠤᠨ ᠭᠤᠣᠯᠳᠠᠯᠭᠠ ᠲᠠᠢ ᠠᠮᠢ ᠠᠬᠤᠢ ᠶᠢᠨ ᠴᠢᠳᠠᠮᠵᠢᠳᠤ ᠣᠷᠣᠨ᠂ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠷ | ᠭᠤᠣᠯᠳᠠᠯᠭᠠ ᠪᠣᠯᠭᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨᠠ᠃ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨᠡ᠃ ᠤᠯᠤᠰ ᠤᠨ ᠨᠤᠲᠤᠭ | ᠳᠡᠪᠢᠰᠭᠡᠷ ᠢ ᠶᠡᠭᠡ ᠬᠡᠪᠴᠢᠶᠠ ᠪᠠᠷ ᠨᠣᠭᠤᠭᠠᠷᠠᠭᠤᠯᠬᠤ ᠠᠵᠢᠯᠯᠠᠭᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨᠡ᠃ | ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨᠡ᠃ ᠨᠤᠲᠤᠭ ᠪᠡᠯᠴᠢᠭᠡᠷ | ᠣᠶ ᠰᠢᠭᠤᠢ ᠭᠤᠤᠯ ᠮᠥᠷᠡᠨ ᠨᠠᠭᠤᠷ ᠪᠦᠷᠢᠲᠦ ᠨᠤᠭᠤ ᠭᠠᠵᠠᠷ ᠢ ᠠᠮᠠᠷᠠᠭᠤᠯᠤᠨ ᠰᠡᠷᠭᠦᠭᠡᠭᠦ ᠶᠢ ᠬᠡᠷᠡᠭᠵᠢᠭᠦᠯᠵᠦ᠂ | ᠬᠦᠬᠡᠮᠦᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠰᠠᠶᠢᠲᠤᠷ ᠬᠡᠷᠡᠭᠵᠢᠭᠦᠯᠵᠦ᠂ ᠲᠠᠷᠢᠶᠠᠨ ᠭᠠᠵᠠᠷ ᠢ | ᠥᠨᠵᠢᠭᠦᠯᠦᠨ ᠳᠠᠷᠢᠬᠤ ᠡᠭᠡᠯᠵᠢᠯᠡᠨ ᠳᠠᠷᠢᠬᠤ ᠲᠦᠷᠢᠮ ᠢ ᠪᠦᠷᠢᠨᠰᠢᠭᠦᠯᠦᠨᠡ᠃ ᠠᠮᠢ ᠠᠬᠤᠢ ᠶᠢᠨ ᠪᠦᠲᠦᠭᠡᠭᠳᠡᠬᠦᠨ ᠤ | ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ | ᠲᠡᠭᠦᠯᠳᠡᠷᠵᠢᠭᠦᠯᠦᠨᠡ᠃ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨᠠ ᠠᠴᠠ | ᠢᠷᠡᠭᠰᠡᠨ ᠠᠮᠢᠳᠤ ᠪᠤᠳᠠᠰ ᠤᠨ ᠬᠠᠯᠳᠠᠯᠭᠠ ᠶᠢ ᠰᠡᠷᠭᠡᠶᠢᠯᠡᠨ ᠵᠠᠰᠠᠨᠠ᠃ | ︵ᠳᠥᠷᠪᠡ︶ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨᠠ᠃ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ | ᠨᠢᠭᠡ ᠤᠳᠠᠭᠠᠨ ᠤ ᠥᠷᠭᠡᠨ ᠳᠡᠯᠭᠡᠷ ᠪᠥᠭᠡᠳ ᠭᠦᠨ ᠭᠦᠨᠵᠡᠭᠡᠶ ᠠᠵᠤ ᠠᠬᠤᠶ ᠨᠡᠶᠢᠭᠡᠮ ᠤᠨ ᠰᠢᠰᠲ᠋ᠧᠮᠲᠦ ᠴᠢᠨᠠᠷᠲᠠᠶ | ᠬᠤᠪᠢᠰᠤᠯᠲᠠ ᠮᠥᠨ᠃ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ | ᠂ ᠤᠷᠢᠳ ᠢᠶᠠᠷ ᠰᠢᠨᠠ ᠪᠠᠷ ᠪᠠᠶᠢᠭᠤᠯᠵᠤ ᠳᠠᠷᠠᠭᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠲᠦᠯᠦᠪᠯᠡᠭᠡ ᠲᠠᠢ ᠠᠯᠬᠤᠮ | ᠲᠠᠷᠠᠭᠠ ᠲᠠᠢ ᠪᠠᠷ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠠᠵᠢᠯᠯᠠᠭᠠ ᠶᠢ | ᠬᠡᠷᠡᠭᠵᠢᠭᠦᠯᠦᠨᠡ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶᠡ ᠪᠠ ᠬᠦᠴᠦᠯᠡᠴᠡ ᠶᠢᠨ | ᠲᠣᠬᠢᠷᠠᠭᠤᠯᠤᠯ ᠡᠵᠡᠮᠳᠡᠯ ᠢ ᠲᠡᠭᠦᠯᠳᠡᠷᠵᠢᠭᠦᠯᠵᠦ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ | ᠭᠤᠣᠯᠳᠠᠯᠭᠠ ᠲᠠᠢ ᠬᠢᠵᠠᠭᠠᠷᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶᠡ ᠪᠠ ᠬᠦᠴᠦᠯᠡᠴᠡ ᠶᠢᠨ ︽ | ᠬᠤᠣᠰ ᠬᠢᠵᠠᠭᠠᠷᠯᠠᠯ︾ ᠤᠨ ᠳᠦᠷᠢᠮ ᠳᠤ ᠠᠯᠬᠤᠮ ᠠᠯᠬᠤᠮ ᠢᠶᠠᠷ ᠰᠢᠯᠵᠢᠨᠠ᠃ ᠡᠨᠧᠷᠭᠢ ᠶᠢᠨ ᠰᠤᠷᠪᠤᠯᠵᠢ ᠶᠢ ᠴᠡᠪᠡᠷ ᠪᠠᠭᠠ | ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ᠂ ᠪᠠᠷᠢᠯᠭᠠ᠂ ᠵᠠᠮ | ᠬᠠᠷᠢᠯᠴᠠᠭᠠ ᠵᠡᠷᠭᠡ ᠬᠦᠷᠢᠶᠠ ᠴᠠᠷᠠᠭᠠᠨ ᠤ ᠴᠡᠪᠡᠷ ᠪᠠᠭᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨᠠ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠨᠡᠭᠦᠷᠡᠰᠦᠨ ᠤ ᠠᠷᠢᠭᠤᠨ ᠴᠡᠪᠡᠷ | ᠥᠨᠳᠥᠷ ᠪᠦᠲᠦᠮᠵᠢᠲᠡᠢ ᠠᠰᠢᠭᠯᠠᠯᠲᠠ ᠶᠢ ᠴᠢᠩᠭᠠᠳᠬᠠᠵᠤ᠂ ᠲᠤᠰᠤ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ | ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠤᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ | ᠂ ᠰᠢᠨᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠬᠡᠨ ᠢᠶᠠᠷ ᠲᠥᠯᠥᠪᠵᠢᠭᠦᠯᠦᠨ ᠪᠠᠶᠢᠭᠤᠯᠵᠤ᠂ | ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ | ᠲᠦᠯᠦᠪᠵᠢᠬᠦᠯᠵᠤ᠂ ᠴᠥᠮᠡ ᠶᠢᠨ ᠴᠠᠬᠢᠯᠭᠠᠨ ᠢ ᠠᠮᠤᠷ ᠲᠦᠪᠰᠢᠨ ᠡᠮᠬᠢ ᠵᠢᠷᠤᠮ ᠲᠠᠢ ᠬᠥᠭᠵᠢᠭᠦᠯᠵᠦ᠂ ᠡᠨᠧᠷᠭᠢ ᠶᠢᠨ | ᠰᠤᠷᠪᠤᠯᠵᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨᠠ᠃ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶᠠ ᠶᠢ ᠪᠦᠷᠢᠳᠭᠡᠵᠦ ᠲᠣᠭᠠᠴᠠᠭᠠ ᠬᠢᠬᠦ ᠲᠦᠷᠢᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢ ᠵᠠᠬᠠ ᠳᠡᠯᠭᠡᠭᠦᠷ ᠲᠤ ᠠᠷᠠᠯᠵᠢᠶᠠᠯᠠᠬᠤ ᠲᠦᠷᠢᠮ ᠢ ᠪᠦᠷᠢᠨᠰᠢᠭᠦᠯᠦᠨᠡ᠃ ᠠᠮᠢ ᠠᠬᠤᠶ ᠶᠢᠨ | ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨᠡ᠃ ᠠᠭᠤᠷ | ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠪᠦᠬᠦ ᠪᠦᠮᠪᠦᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠨᠠ᠃ | ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ | ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨᠠ | ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ | ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠡᠷᠬᠡᠪᠰᠢ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠡᠯᠡ ᠲᠠᠯᠠ ᠪᠦᠬᠦ ᠶᠠᠪᠤᠴᠠ ᠳᠤ ᠲᠤᠭᠤᠰᠢᠯᠠᠭᠤᠯᠤᠨ | ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ | ᠪᠢᠳᠡ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ᠂ ᠤᠯᠤᠰ ᠲᠥᠷᠥ ᠶᠢᠨ ᠠᠮᠤᠷ | ᠲᠦᠪᠰᠢᠨ ᠢᠶᠠᠷ ᠦᠨᠳᠦᠰᠦ ᠪᠣᠯᠭᠠᠬᠤ᠂ ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠬᠤ᠂ ᠴᠡᠷᠢᠭ ᠤᠨ | ᠶᠠᠪᠤᠳᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭᠠ ᠪᠣᠯᠭᠠᠬᠤ᠂ | ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ ᠶᠢ ᠪᠠᠷᠢᠮᠳᠠᠯᠠᠵᠦ᠂ ᠭᠠᠳᠠᠭᠠᠳᠤ ᠠᠮᠤᠷ | ᠲᠦᠪᠰᠢᠨ ᠪᠠ ᠳᠣᠲᠣᠭᠠᠳᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠬᠦᠯᠬᠦ᠂ ᠨᠤᠲᠤᠭ ᠳᠡᠪᠢᠰᠭᠡᠷ ᠤᠨ ᠠᠮᠤᠷ | ᠲᠦᠪᠰᠢᠨ ᠪᠠ ᠤᠯᠤᠰ ᠠᠷᠠᠳ ᠤᠨ ᠠᠮᠤᠷ ᠲᠦᠪᠰᠢᠨ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ | ᠲᠦᠪᠰᠢᠨ᠂ ᠲᠤᠰ ᠪᠡᠶᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠬᠦᠯᠵᠦ᠂ | ᠤᠯᠤᠰ ᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠦᠨ ᠬᠠᠮᠠᠭᠠᠯᠠᠬᠤ ᠪᠠ ᠪᠤᠢ ᠪᠣᠯᠭᠠᠵᠦ᠂ ᠤᠯᠤᠰ ᠤᠨ ᠠᠮᠤᠷ | ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ | ᠪᠦᠮᠪᠦᠷᠴᠡᠭ ᠤᠨ ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠥᠨᠳᠥᠷ | ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠦ᠂ ᠰᠢᠨᠡ ᠠᠮᠤᠷ ᠲᠦᠪᠰᠢᠨ ᠤ | ᠪᠠᠶᠢᠷᠢᠰᠢᠯ ᠢᠶᠠᠷ ᠰᠢᠨᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠨᠠ᠃ | ︵ᠨᠢᠭᠡ︶ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨᠡ᠃ ᠤᠯᠤᠰ ᠤᠨ ᠠᠮᠤᠷ ᠲᠦᠪᠰᠢᠨ ᠤ | ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠳᠡᠢ ᠤᠳᠤᠷᠢᠳᠤᠯᠭᠠ ᠶᠢ ᠪᠠᠷᠢᠮᠲᠠᠯᠠᠵᠤ᠂ ᠥᠨᠳᠥᠷ | ᠪᠦᠲᠦᠮᠵᠢᠲᠡᠢ ᠡᠷᠬᠡ ᠰᠦᠷᠲᠦ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠦᠨᠡ᠃ | ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂ ᠤᠯᠤᠰ ᠤᠨ ᠠᠮᠤᠷ | ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠤᠳᠤᠯᠭᠠ ᠶᠢᠨ ᠰᠢᠰᠲ᠋ᠧᠮ᠂ ᠲᠥᠷᠥ ᠶᠢᠨ ᠪᠤᠳᠤᠯᠭᠠ ᠶᠢᠨ | ᠰᠢᠰᠲ᠋ᠧᠮ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠤᠯᠤᠰ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭᠠ ᠲᠠᠢ ᠬᠦᠷᠢᠶᠡ ᠴᠠᠷᠠᠭᠠᠨ ᠤ | ᠠᠮᠤᠷ ᠲᠦᠪᠰᠢᠨ ᠤ ᠪᠠᠲᠤᠯᠠᠭᠠ ᠶᠢᠨ ᠰᠢᠰᠲ᠋ᠧᠮ ᠪᠣᠯᠤᠨ ᠴᠢᠬᠤᠯᠠ ᠲᠤᠰᠬᠠᠢ ᠲᠦᠷᠦᠯ ᠤᠨ ᠵᠣᠬᠢᠴᠠᠭᠤᠯᠤᠨ ᠵᠢᠯᠤᠭᠤᠳᠬᠤ | ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ | ᠰᠦᠯᠵᠢᠶᠡ᠂ ᠲᠤᠭᠠ ᠪᠠᠷᠢᠮᠲᠠ᠂ ᠠᠮᠢᠳᠤ ᠪᠣᠳᠠᠰ᠂ ᠡᠬᠢ ᠪᠠᠶᠠᠯᠢᠭ᠂ ᠴᠥᠮᠡ᠂ ᠰᠠᠨᠰᠠᠷ᠂ ᠲᠠᠯᠠᠢ ᠲᠠᠩᠭᠢᠰ ᠵᠡᠷᠭᠡ ᠶᠢᠨ | ᠠᠮᠤᠷ ᠲᠦᠪᠰᠢᠨ ᠤ ᠪᠠᠲᠤᠯᠠᠭᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠭᠠᠨᠠ᠃ ᠵᠠᠯᠬᠠᠭᠠᠬᠤ ᠶᠢ ᠡᠰᠡᠷᠭᠦᠴᠡᠬᠦ᠂ | ᠭᠠᠷ ᠳᠥᠷᠥᠬᠦ ᠶᠢ ᠡᠰᠡᠷᠭᠦᠴᠡᠬᠦ᠂ ︽ᠭᠠᠷ ᠢᠶᠠᠨ ᠤᠷᠳᠤ ᠰᠤᠩᠭᠠᠬᠰᠠᠨ ᠬᠠᠷᠢᠶᠠᠯᠠᠯ︾ ᠢ ᠡᠰᠡᠷᠭᠦᠴᠡᠬᠦ ᠲᠣᠭᠲᠠᠴᠠ ᠶᠢ | ᠲᠡᠭᠦᠯᠳᠡᠷᠵᠢᠭᠦᠯᠦᠨᠡ᠃ ᠤᠯᠤᠰ ᠤᠨ ᠠᠮᠤᠷ ᠲᠦᠪᠰᠢᠨ ᠤ ᠬᠦᠴᠦᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ | ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ ᠪᠣᠰᠤᠭᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ ᠠᠮᠤᠷ | ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨᠠ᠃ | ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨᠠ᠃ ᠤᠯᠤᠰ ᠤᠨ | ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠢ ᠡᠷᠡᠰ ᠬᠠᠮᠠᠭᠠᠯᠠᠵᠤ᠂ ᠭᠤᠣᠯᠳᠠᠯᠭᠠ ᠲᠠᠢ ᠬᠦᠷᠢᠶᠡ ᠴᠠᠷᠠᠭᠠᠨ ᠤ ᠠᠮᠤᠷ ᠲᠦᠪᠰᠢᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ᠂ ᠴᠢᠬᠤᠯᠠ ᠠᠵᠤ | ᠦᠢᠯᠡᠰ ᠤᠨ ᠬᠡᠯᠬᠢᠶᠡ ᠬᠠᠩᠭᠠᠯᠭᠠ ᠶᠢᠨ ᠬᠡᠯᠬᠢᠶᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠭᠠᠳᠠᠭᠠᠳᠤ ᠳᠠᠬᠢ | ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠨ᠂ | ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠯᠠᠢ ᠲᠠᠩᠭᠢᠰ ᠤᠨ ᠡᠷᠬᠡ | ᠠᠰᠢᠭ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ | ᠬᠠᠮᠠᠭᠠᠯᠠᠨᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠰᠢᠰᠲ᠋ᠧᠮ ᠤᠨ ᠴᠢᠨᠠᠷᠲᠠᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭᠠ ᠰᠡᠷᠭᠡᠶᠢᠯᠡᠵᠦ᠂ ᠲᠠᠶᠢᠰᠦᠩᠨᠠᠭᠴᠢ | ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠯᠳᠠ ᠬᠢᠬᠦ᠂ ᠬᠠᠭᠠᠴᠠᠭᠤᠯᠬᠤ ᠠᠵᠢᠯᠯᠠᠭᠠ ᠬᠢᠬᠦ ᠳᠤ ᠴᠢᠩᠭᠠ | ᠴᠣᠬᠢᠯᠲᠠ ᠥᠭᠭᠦᠨᠡ᠃ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯᠠ ᠪᠠᠷ ᠴᠢᠩᠭᠠᠳᠬᠠᠵᠤ᠂ ᠡᠯᠡ | ᠱᠠᠲᠤᠨ ᠤ ᠤᠳᠤᠷᠢᠳᠬᠤ ᠺᠠᠳ᠋ᠷᠴᠤᠳ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ | ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨᠠ᠃ | ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨᠡ᠃ ᠠᠮᠤᠷ | ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠤᠨ᠂ ᠤᠯᠠᠨ ᠨᠡᠶᠢᠲᠡ ᠶᠢᠨ ᠠᠮᠤᠷ ᠲᠦᠪᠰᠢᠨ ᠤ | ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠤᠨ ᠤᠷᠢᠳᠴᠢᠯᠠᠨ | ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭᠠ ᠲᠠᠢ ᠠᠵᠢᠯ ᠲᠥᠷᠥᠯ᠂ ᠭᠤᠣᠯᠳᠠᠯᠭᠠ ᠲᠠᠢ | ᠬᠦᠷᠢᠶᠡ ᠴᠠᠷᠠᠭᠠᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨᠠ᠃ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠵᠤ ᠭᠠᠮᠰᠢᠭ ᠠᠴᠠ ᠠᠪᠤᠷᠠᠬᠤ ᠪᠠ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ | ᠰᠢᠢᠳᠪᠦᠷᠢᠯᠡᠬᠦ ᠪᠠᠲᠤᠯᠠᠭᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨᠡ᠃ ᠬᠤᠪᠢ ᠬᠥᠮᠥᠨ ᠤ ᠮᠡᠳᠡᠭᠡ | ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨᠠ᠃ | ︵ᠳᠥᠷᠪᠡ︶ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨᠡ᠃ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ | ᠵᠠᠰᠠᠯᠲᠠ ᠶᠢᠨ ᠦᠷᠡ ᠪᠦᠲᠦᠮᠵᠢ ᠶᠢ ᠳᠡᠭᠡᠭᠰᠢᠯᠡᠭᠦᠯᠦᠨᠡ᠃ ᠨᠡᠶᠢᠭᠡᠮ ᠤᠨ ᠦᠨᠳᠦᠰᠦᠨ ᠱᠠᠲᠤᠨ ᠳᠤ ᠰᠢᠨᠡ ᠴᠠᠭ | ᠦᠶᠡ ᠶᠢᠨ ︽ᠹᠧᠩ ᠴᠢᠶᠣᠤ ᠶᠢᠨ ᠲᠤᠷᠰᠢᠯᠭᠠ︾ ᠶᠢ ᠪᠠᠷᠢᠮᠲᠠᠯᠠᠨ ᠬᠥᠭᠵᠢᠭᠦᠯᠵᠦ᠂ ᠰᠢᠨᠡ ᠪᠠᠶᠢᠳᠠᠯ ᠳᠣᠣᠷᠠᠬᠢ | ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ | ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭᠠ ᠪᠠᠨ | ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ | ᠲᠤᠤᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ | ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠬᠤ ᠱᠠᠲᠤᠨ ᠳᠤᠨᠢ ᠠᠷᠢᠯᠭᠠᠨᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠬᠠᠷᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠯ | ᠴᠢᠩᠭᠠ ᠪᠠᠶᠢᠭᠠ ᠬᠠᠤᠯᠢ ᠠᠴᠠ ᠵᠥᠷᠢᠴᠡᠭᠰᠡᠨ ᠡᠯᠡ ᠲᠥᠷᠥᠯ ᠤᠨ ᠶᠠᠯᠠᠲᠤ ᠠᠵᠢᠯᠯᠠᠭᠠ ᠶᠢ ᠬᠠᠤᠯᠢ ᠶᠣᠰᠣᠭᠠᠷ ᠴᠢᠩᠭᠠ | ᠰᠢᠢᠳᠬᠡᠨᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ | ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠬᠥᠮᠥᠨ ᠪᠦᠭᠦᠨ | ᠬᠠᠷᠢᠭᠤᠴᠠᠯᠭᠠ ᠲᠠᠢ᠂ ᠬᠥᠮᠥᠨ ᠪᠦᠭᠦᠨ ᠬᠠᠷᠢᠭᠤᠴᠠᠯᠭᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠭᠦ ᠨᠡᠶᠢᠭᠡᠮ ᠤᠨ | ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨᠠ᠃ | ᠠᠷᠪᠠᠨ ᠬᠤᠶᠠᠷ᠂ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨᠡ ᠪᠠᠶᠢᠳᠠᠯ ᠢ ᠨᠡᠭᠡᠭᠡᠨᠡ | ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠ ᠳᠤ | ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠦᠲᠦᠭᠡᠨ | ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ | ᠪᠠᠶᠢᠭᠤᠯᠬᠤ ᠶᠢᠨ ᠪᠠᠶᠢᠯᠳᠤᠬᠤ ᠪᠣᠳᠣᠯᠭᠠ ᠶᠢᠨ ᠱᠠᠭᠠᠷᠳᠠᠯᠭᠠ ᠮᠥᠨ᠃ ᠡᠷᠬᠡᠪᠰᠢ ᠰᠢᠨᠡ ᠴᠠᠭ ᠦᠶᠡ ᠶᠢᠨ ᠨᠠᠮ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠ ᠶᠢ ᠲᠤᠭᠤᠰᠢᠯᠠᠭᠤᠯᠵᠤ᠂ ᠰᠢᠨᠡ ᠴᠠᠭ ᠦᠶᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ | ᠬᠠᠷᠢᠴᠠᠯᠠᠰᠢᠭᠦᠢ ᠤᠳᠤᠷᠢᠳᠤᠯᠭᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ | ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ | ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠮᠡᠴᠡᠯ | ᠬᠢᠬᠦ ᠶᠢᠨ ᠳᠠᠭᠠᠤ ᠲᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ | ᠵᠠᠩᠭᠢᠵᠢᠯᠲᠠ ᠣᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ | ᠤᠨᠤᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ | ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ | ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠡ ᠴᠠᠭ ᠦᠶᠡ ᠶᠢᠨ | ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭᠠ ᠶᠢ ᠪᠦᠲᠦᠮᠵᠢᠲᠡᠢ ᠭᠦᠢᠴᠡᠳᠬᠡᠬᠦ ᠬᠡᠷᠡᠭᠲᠡᠢ᠃ | ᠠᠷᠠᠳ ᠤᠨ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯᠠ ᠪᠠᠷ ᠴᠢᠩᠭᠠᠳᠬᠠᠵᠤ᠂ ᠵᠡᠪᠰᠡᠭ ᠥᠨᠢ | ᠡᠭᠦᠷᠢᠳᠡ ᠨᠠᠮ ᠤᠨ ᠵᠢᠯᠣᠭᠤᠳᠤᠯᠭᠠ ᠶᠢ ᠳᠠᠭᠠᠬᠤ ᠶᠢ ᠦᠨᠡᠨ ᠬᠦ ᠪᠠᠲᠤᠯᠠᠨᠠ᠃ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨᠡ᠃ ᠨᠠᠮ ᠤᠨ | ᠰᠢᠨᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ︽ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶᠠ ᠪᠠᠶᠢᠭᠤᠯᠬᠤ︾ ᠬᠥᠮᠦᠵᠢᠯ | ᠦᠢᠯᠡᠳᠦᠯᠭᠡ ᠶᠢᠨ ᠠᠵᠢᠯᠯᠠᠭᠠ ᠶᠢ ᠥᠷᠨᠢᠭᠦᠯᠦᠨᠡ᠃ ᠴᠡᠷᠢᠭ ᠤᠨ ᠲᠡᠦᠬᠡ ᠶᠢᠨ ᠰᠤᠷᠤᠯᠴᠠᠯᠭᠠ ᠬᠥᠮᠦᠵᠢᠯ ᠢ ᠴᠢᠩᠭᠠᠳᠬᠠᠵᠤ | ᠂ ᠴᠡᠷᠢᠭ ᠢ ᠬᠦᠴᠦᠷᠬᠡᠭᠵᠢᠭᠦᠯᠬᠦ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠲᠠᠶᠢᠴᠢᠨ ᠵᠣᠷᠢᠭ ᠰᠠᠨᠠᠭᠠ ᠶᠢ | ᠪᠤᠶᠢᠵᠢᠭᠤᠯᠬᠤ ᠶᠢ ᠴᠢᠩᠭᠠᠳᠬᠠᠨᠠ᠃ ᠠᠷᠠᠳ ᠤᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠪᠠᠶᠢᠩᠭᠤᠵᠢᠭᠤᠯᠤᠨ | ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ | ᠴᠥᠬᠦᠷᠡᠰᠢ ᠦᠭᠡᠢ ᠪᠠᠷᠢᠮᠲᠠᠯᠠᠨᠠ᠃ | ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯᠠ ᠪᠠᠷ ᠴᠢᠩᠭᠠᠳᠬᠠᠵᠤ᠂ ᠠᠷᠠᠳ ᠤᠨ ᠴᠡᠷᠢᠭ | ᠠᠩᠭᠢ ᠶᠢᠨ ᠢᠯᠠᠯᠲᠠ ᠣᠯᠬᠤ ᠴᠢᠳᠠᠪᠤᠷᠢ ᠶᠢ ᠳᠡᠭᠡᠭᠰᠢᠯᠡᠭᠦᠯᠦᠨᠡ᠃ ᠮᠡᠳᠡᠭᠡ ᠵᠠᠩᠭᠢᠴᠢᠯᠠᠭᠰᠠᠨ ᠣᠶᠤᠨᠴᠢᠯᠠᠭᠰᠠᠨ ᠲᠠᠶᠢᠨ ᠤ | ᠣᠨᠴᠠᠯᠢᠭ ᠪᠠ ᠵᠢᠮᠡ ᠶᠣᠰᠣ ᠶᠢ ᠰᠤᠳᠤᠯᠤᠨ ᠡᠵᠡᠮᠰᠢᠵᠦ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭᠠ ᠶᠢᠨ | ᠵᠢᠯᠣᠭᠤᠳᠤᠯᠭᠠ ᠶᠢᠨ ᠰᠢᠨᠡ ᠶᠢ ᠡᠭᠦᠳᠴᠦ᠂ ᠠᠷᠠᠳ ᠤᠨ ᠳᠠᠶᠢᠨ ᠤ ᠪᠠᠶᠢᠯᠳᠤᠬᠤ ᠪᠣᠳᠣᠯᠭᠠ ᠪᠠᠶᠢᠯᠳᠤᠬᠤ ᠠᠷᠭᠠ ᠶᠢ | ᠬᠥᠭᠵᠢᠭᠦᠯᠦᠨᠡ᠃ ᠪᠠᠶᠢᠯᠳᠤᠬᠤ ᠪᠣᠳᠣᠯᠭᠠ ᠶᠢᠨ ᠬᠦᠴᠦᠷᠬᠡᠭ ᠶᠡᠭᠡ ᠰᠦᠷᠳᠡᠭᠦᠯᠭᠡ ᠶᠢᠨ ᠬᠦᠴᠦᠨ ᠤ ᠰᠢᠰᠲ᠋ᠧᠮ ᠢ ᠪᠤᠢ | ᠪᠤᠯᠭᠠᠵᠦ᠂ ᠰᠢᠨᠡ ᠬᠦᠷᠢᠶᠡ ᠰᠢᠨᠡ ᠣᠨᠴᠠᠯᠢᠭ ᠴᠢᠨᠠᠷ ᠤᠨ ᠪᠠᠶᠢᠯᠳᠤᠬᠤ ᠬᠦᠴᠦᠨ ᠤ ᠬᠠᠷᠢᠴᠠᠯ ᠢ ᠨᠡᠮᠡᠭᠳᠡᠭᠦᠯᠵᠦ᠂ ᠬᠥᠮᠥᠨ | ᠦᠭᠡᠢ ᠣᠶᠤᠨᠴᠢ ᠪᠠᠶᠢᠯᠳᠤᠬᠤ ᠬᠦᠴᠦᠨ ᠤ ᠬᠥᠭᠵᠢᠯᠲᠡ ᠶᠢ ᠲᠦᠷᠭᠡᠳᠬᠡᠵᠦ᠂ ᠰᠦᠯᠵᠢᠶᠡᠨ ᠤ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨᠡ᠃ ᠬᠠᠮᠲᠤᠷᠠᠭᠰᠠᠨ ᠪᠠᠶᠢᠯᠳᠤᠭᠠᠨ ᠤ | ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠲᠠᠩᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ᠂ ᠬᠠᠮᠲᠤᠷᠠᠨ | ᠴᠣᠬᠢᠯᠲᠠ ᠥᠭᠭᠦ᠂ ᠪᠠᠶᠢᠯᠳᠤᠭᠠᠨ ᠤ ᠲᠠᠯᠠᠪᠤᠷ ᠤᠨ ᠲᠤᠯᠭᠠᠭᠤᠷᠢᠯᠠᠯ᠂ ᠶᠡᠷᠦᠩᠬᠡᠶᠢᠯᠡᠭᠰᠡᠨ ᠪᠠᠲᠤᠯᠠᠭᠠ ᠶᠢᠨ ᠰᠢᠰᠲ᠋ᠧᠮ ᠪᠠ | ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨᠠ᠃ ᠪᠣᠳᠠᠲᠤ ᠲᠠᠶᠢᠨ ᠤ ᠮᠠᠶ᠋ᠢᠭ ᠤᠨ ᠴᠡᠷᠢᠭ ᠤᠨ ᠪᠣᠯᠪᠠᠰᠤᠷᠠᠯ ᠢ ᠭᠦᠨᠵᠡᠭᠡᠢ | ᠠᠬᠢᠭᠤᠯᠵᠤ᠂ ᠬᠠᠮᠲᠤᠷᠠᠭᠰᠠᠨ ᠪᠣᠯᠪᠠᠰᠤᠷᠠᠯ᠂ ᠡᠰᠡᠷᠭᠦᠴᠡᠯᠳᠦᠬᠦ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠡᠷᠢᠭ ᠤᠨ ᠪᠣᠯᠪᠠᠰᠤᠷᠠᠯ ᠢ ᠭᠦᠨᠵᠡᠭᠡᠶᠢᠷᠡᠭᠦᠯᠦᠨᠡ᠃ ᠴᠡᠷᠢᠭ ᠤᠨ ᠬᠦᠴᠦᠨ ᠤ ᠪᠠᠶᠢᠩᠭᠤᠵᠢᠭᠤᠯᠤᠭᠰᠠᠨ ᠤᠯᠠᠨ | ᠶᠠᠩᠵᠤᠴᠢᠯᠠᠭᠰᠠᠨ ᠬᠡᠷᠡᠭᠯᠡᠯᠲᠡ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ | ᠠᠮᠢᠳᠤᠯᠢᠭ ᠢᠶᠠᠷ ᠥᠷᠨᠢᠭᠦᠯᠵᠦ᠂ ᠠᠮᠤᠷ ᠲᠦᠪᠰᠢᠨ ᠪᠠᠶᠢᠳᠠᠯ ᠢ ᠪᠤᠢ ᠪᠤᠯᠭᠠᠵᠤ᠂ ᠲᠦᠭᠰᠢᠭᠦᠷᠢ ᠮᠥᠷᠭᠦᠯᠳᠦᠭᠡᠨ ᠢ | ᠬᠤᠷᠢᠭᠯᠠᠨ ᠡᠵᠡᠮᠳᠡᠵᠦ᠂ ᠬᠡᠰᠡᠭ ᠲᠠᠯᠠ ᠶᠢᠨ ᠲᠠᠶᠢᠨ ᠳᠤ ᠢᠯᠠᠯᠲᠠ ᠣᠯᠣᠨᠠ᠃ ᠴᠡᠷᠢᠭ ᠤᠨ ᠶᠠᠪᠤᠳᠠᠯ ᠤᠨ ᠵᠠᠰᠠᠯᠲᠠ ᠶᠢ | ᠪᠦᠭᠦ ᠲᠠᠯᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ | ᠦᠷᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ ᠬᠦᠴᠦᠨ ᠤ ᠪᠦᠲᠦᠴᠡ ᠪᠦᠷᠢᠯᠳᠦᠯ ᠢ | ᠲᠡᠭᠦᠯᠳᠡᠷᠵᠢᠭᠦᠯᠵᠦ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭᠠ ᠳᠦᠷᠢᠮ ᠲᠣᠭᠲᠠᠭᠠᠯ ᠢ ᠰᠢᠰᠲ᠋ᠧᠮᠵᠢᠭᠦᠯᠦᠨ | ᠰᠢᠯᠢᠳᠡᠭᠵᠢᠭᠦᠯᠦᠨᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ | ᠴᠢᠬᠤᠯᠠ ᠶᠡᠭᠡ ᠡᠭᠦᠷᠭᠡ ᠶᠢᠨ ᠪᠠᠶᠢᠯᠳᠤᠭᠠᠨ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠲᠠᠶᠢᠨ ᠳᠤ ᠪᠡᠯᠡᠳᠬᠡᠬᠦ ᠶᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠣᠳᠣᠬᠢᠴᠢᠯᠠᠭᠰᠠᠨ ᠠᠷᠤ ᠲᠠᠯᠠ ᠶᠢᠨ ᠦᠢᠯᠡᠴᠢᠯᠡᠭᠡ ᠶᠢ ᠲᠦᠷᠭᠡᠨ ᠢᠶᠠᠷ | ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ | ᠲᠣᠨᠣᠭᠯᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠠᠶᠢᠴᠢᠨ | ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨᠡ᠃ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠡ ᠭᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ | ᠬᠦᠴᠦᠷᠬᠡᠭᠵᠢᠭᠦᠯᠦᠨ ᠪᠠᠶᠢᠭᠤᠯᠵᠤ᠂ ᠴᠡᠷᠢᠭ ᠤᠨ ᠶᠠᠪᠤᠳᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠰᠢᠨᠡ ᠶᠢ ᠡᠭᠦᠳᠦᠨᠡ᠃ ᠬᠠᠤᠯᠢ ᠪᠠᠷ ᠴᠡᠷᠢᠭ ᠢ ᠵᠠᠰᠠᠬᠤ ᠲᠣᠭᠲᠠᠴᠠ ᠶᠢᠨ ᠪᠠᠶᠢᠭᠤᠯᠤᠯᠲᠠ ᠪᠠ | ᠪᠠᠶᠢᠯᠳᠤᠬᠤ ᠪᠣᠳᠣᠯᠭᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ | ᠶᠠᠪᠤᠳᠠᠯ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠦᠨᠡ᠃ ᠪᠠᠶᠢᠯᠳᠤᠬᠤ ᠪᠣᠳᠣᠯᠭᠠ ᠶᠢᠨ ᠬᠠᠮᠢᠶᠠᠷᠤᠯᠲᠠ ᠶᠢ | ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ ᠦᠢᠯᠡᠳᠦᠯ ᠴᠢᠳᠠᠪᠤᠷᠢ ᠪᠠ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷᠡ ᠠᠰᠢᠭ ᠢ ᠲᠡᠭᠡᠭᠰᠢᠯᠡᠭᠦᠯᠦᠨᠡ᠃ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠦᠨᠡ᠃ ᠴᠡᠷᠢᠭ ᠠᠩᠭᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭᠠ ᠶᠢᠨ ᠲᠥᠯᠦᠪᠵᠢᠭᠦᠯᠭᠡ ᠶᠢ | ᠨᠢᠭᠡᠳᠦᠯᠲᠡᠢ ᠲᠥᠯᠥᠪᠵᠢᠭᠦᠯᠬᠦ᠂ ᠲᠦᠷᠦ ᠶᠢᠨ ᠪᠣᠳᠣᠯᠭᠠ ᠳᠦᠷᠢᠮ ᠢ ᠵᠣᠯᠭᠠᠭᠤᠯᠬᠤ᠂ ᠡᠬᠢ ᠪᠠᠶᠠᠯᠢᠭ ᠤᠨ ᠡᠯᠧᠮᠧᠨ᠋ᠲ ᠢ | ᠬᠠᠮᠲᠤ ᠪᠠᠷ ᠡᠳ᠋ᠯᠡᠭᠦ ᠶᠢ ᠴᠢᠩᠭᠠᠳᠬᠠᠨᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨᠠ᠃ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠭᠦᠨᠵᠡᠭᠡᠶᠢᠷᠡᠭᠦᠯᠦᠨᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠤᠳᠤ ᠦᠶᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨᠠ᠃ ᠴᠡᠷᠢᠭ ᠬᠥᠮᠥᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠤᠨ ᠤᠷᠮᠠᠰᠢᠭᠤᠯᠤᠯ ᠪᠠ | ᠡᠷᠬᠡ ᠠᠰᠢᠭ ᠤᠨ ᠪᠠᠲᠤᠯᠠᠭᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ | ᠪᠠᠲᠤᠯᠠᠭᠠ ᠶᠢᠨ ᠠᠵᠢᠯ ᠢ ᠰᠠᠶᠢᠲᠤᠷ ᠬᠢᠨᠡ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ | ᠬᠥᠭᠵᠢᠭᠦᠯᠦᠨᠡ᠃ | ᠠᠷᠠᠳ ᠤᠨ ᠴᠡᠷᠢᠭ ᠠᠩᠭᠢ ᠪᠣᠯ ᠢᠮᠠᠭᠲᠠ ᠨᠠᠮ ᠪᠠ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ | ᠪᠠᠭᠠᠲᠤᠷᠯᠢᠭ ᠴᠡᠷᠢᠭ ᠠᠩᠭᠢ ᠮᠥᠨ᠂ ᠲᠡᠲᠡᠨ ᠳᠤ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ ᠳᠡᠪᠢᠰᠬᠡᠷ ᠤᠨ | ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨᠠ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭᠠ ᠶᠢᠨ ᠲᠦᠰᠢᠭ ᠲᠤᠯᠭᠠᠭᠤᠷᠢ ᠬᠠᠩᠭᠠᠬᠤ | ᠢᠲᠡᠭᠡᠯ ᠵᠣᠷᠢᠭ ᠪᠠ ᠴᠢᠳᠠᠪᠤᠷᠢ ᠪᠠᠶᠢᠨᠠ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ | ᠨᠡᠮᠡᠷᠢ ᠦᠵᠡᠭᠦᠯᠭᠦ ᠢᠲᠡᠭᠡᠯ ᠵᠣᠷᠢᠭ ᠪᠠ ᠴᠢᠳᠠᠪᠤᠷᠢ ᠪᠠᠶᠢᠨᠠ︕ | ᠠᠷᠪᠠᠨ ᠭᠤᠷᠪᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠡᠬᠡ ᠤᠯᠤᠰ ᠤᠨ ᠨᠢᠭᠡᠳᠦᠯ ᠢ ᠠᠬᠢᠭᠤᠯᠤᠨᠠ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ ᠣᠣᠮᠧᠨ ᠤ ᠡᠬᠡ ᠤᠯᠤᠰ ᠲᠠᠭᠠᠨ ᠪᠤᠴᠠᠵᠤ | ᠢᠷᠡᠭᠰᠡᠨ ᠤ ᠳᠠᠷᠠᠭᠠ ᠤᠷᠳᠤ ᠬᠤᠭᠤᠴᠠᠭᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠬᠤ ᠬᠠᠮᠤᠭ ᠤᠨ | ᠰᠠᠶᠢᠨ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠡᠭᠦᠨ ᠢ ᠡᠷᠬᠡᠪᠰᠢ ᠤᠷᠳᠤ ᠬᠤᠭᠤᠴᠠᠭᠠ ᠪᠠᠷᠢᠮᠲᠠᠯᠠᠬᠤ ᠬᠡᠷᠡᠭᠲᠡᠢ᠃ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ | ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ | ᠪᠦᠭᠦ ᠲᠠᠯᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ | ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠳᠤ ᠲᠣᠭᠲᠠᠭᠠᠭᠰᠠᠨ | ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠨᠠ᠃ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ | ᠲᠠᠯᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ | ᠵᠠᠰᠠᠭᠤᠯᠬᠤ︾᠂ ︽ᠤᠯᠤᠰ ᠢᠶᠠᠨ ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠳᠦᠷᠢᠮ | ᠪᠠ ᠬᠡᠷᠡᠭᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨᠠ᠃ ᠲᠥᠪ ᠤᠨ ᠪᠦᠭᠦ ᠲᠠᠯᠠ ᠪᠠᠷ ᠬᠠᠮᠢᠶᠠᠷᠤᠨ ᠵᠠᠰᠠᠬᠤ ᠡᠷᠬᠡ ᠶᠢ | ᠪᠠᠷᠢᠮᠲᠠᠯᠠᠬᠤ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠳᠡᠭᠡᠳᠦ ᠬᠡᠮᠵᠢᠶᠡ ᠪᠠᠷ ᠥᠪᠡᠷᠲᠡᠭᠡᠨ ᠵᠠᠰᠠᠬᠤ ᠡᠷᠬᠡ ᠶᠢ | ᠪᠠᠲᠤᠯᠠᠬᠤ ᠶᠢ ᠬᠠᠷᠢᠯᠴᠠᠨ ᠨᠢᠭᠡᠳᠬᠡᠵᠦ᠂ ᠵᠠᠰᠠᠭ ᠵᠠᠬᠢᠷᠭᠠᠨ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠵᠠᠰᠠᠭ | ᠵᠠᠬᠢᠷᠭᠠᠨ ᠤ ᠳᠠᠷᠤᠭᠠ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠡᠮᠵᠢᠵᠤ᠂ ᠪᠦᠭᠦ ᠲᠠᠯᠠ ᠪᠠᠷ ᠵᠠᠰᠠᠬᠤ ᠴᠢᠳᠠᠪᠤᠷᠢ ᠪᠠ ᠬᠠᠮᠢᠶᠠᠷᠤᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ | ᠵᠠᠰᠠᠭ ᠵᠠᠬᠢᠷᠭᠠᠨ ᠤ ᠣᠨᠴᠠᠭᠠᠶ ᠣᠷᠣᠨ ᠤ ᠬᠠᠤᠯᠢ ᠴᠠᠭᠠᠵᠠ ᠶᠢᠨ ᠳᠦᠷᠢᠮ ᠪᠠ ᠬᠠᠤᠯᠢ ᠴᠠᠭᠠᠵᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠰᠢᠶᠠᠩᠭᠠᠩ᠂ ᠣᠣᠮᠧᠨ ᠤ ᠬᠥᠷᠥᠩᠭᠡᠲᠦ ᠶᠣᠰᠣᠨ ᠤ ᠪᠠᠶᠢᠭᠤᠯᠤᠯ ᠪᠠ ᠠᠮᠢᠳᠤᠷᠠᠯ ᠤᠨ ᠠᠷᠭᠠ | ᠮᠠᠶ᠋ᠢᠭ ᠢ ᠤᠷᠳᠤ ᠬᠤᠭᠤᠴᠠᠭᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠰᠢᠶᠠᠩᠭᠠᠩ᠂ ᠣᠣᠮᠧᠨ ᠤ ᠤᠷᠳᠤ | ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠠᠬᠢᠭᠤᠯᠤᠨᠠ᠃ | ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ | ᠲᠠᠮᠵᠢᠨᠠ᠃ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠵᠤ᠂ ᠰᠢᠶᠠᠩᠭᠠᠩ᠂ ᠣᠣᠮᠧᠨ ᠤ ᠤᠯᠠᠨ | ᠤᠯᠤᠰ ᠤᠨ ᠮᠥᠩᠭᠦᠨ ᠭᠦᠢᠯᠭᠡᠭᠡᠨ᠂ ᠠᠷᠠᠯᠵᠢᠶᠠ᠂ ᠤᠰᠤᠨ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ᠂ ᠰᠢᠨᠡ ᠶᠢ | ᠡᠭᠦᠳᠭᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠠᠶᠢᠷᠢ ᠰᠠᠭᠤᠷᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠩᠭᠠᠩ᠂ ᠣᠣᠮᠧᠨ ᠤ ᠡᠯᠡ ᠤᠯᠤᠰ ᠡᠯᠡ ᠭᠠᠵᠠᠷ ᠣᠷᠣᠨ ᠯᠤᠭᠠ ᠶᠢᠨ ᠨᠡᠩ | ᠨᠡᠭᠡᠭᠡᠯᠲᠡᠲᠡᠢ᠂ ᠨᠡᠩ ᠨᠢᠭᠲᠠ ᠶᠠᠪᠤᠯᠴᠠᠭᠠ ᠬᠠᠮᠲᠤᠷᠠᠯᠴᠠᠭᠠ ᠶᠢ ᠭᠦᠨᠵᠡᠭᠡᠶᠢᠷᠡᠭᠦᠯᠦᠨᠡ᠃ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠩᠭᠠᠩ᠂ ᠣᠣᠮᠧᠨ ᠤ | ᠤᠯᠤᠰ ᠤᠨ ᠬᠥᠭᠵᠢᠯᠲᠡ ᠶᠢᠨ ᠶᠡᠭᠡ ᠲᠠᠯᠠ ᠳᠤ ᠨᠡᠩ ᠰᠠᠶᠢᠨ ᠠᠭᠤᠰᠤᠨ ᠣᠷᠣᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠠᠮᠵᠢᠨᠠ᠃ | ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ | ᠪᠤᠵᠠᠭᠠᠶᠢᠷᠠᠭᠤᠯᠵᠤ᠂ ᠰᠢᠶᠠᠩᠭᠠᠩ ᠣᠣᠮᠧᠨ ᠤ ᠠᠬᠠ ᠳᠡᠭᠦᠦ ᠨᠠᠷ ᠤᠨ ᠡᠬᠡ ᠣᠷᠣᠨᠴᠢ ᠵᠣᠷᠢᠭ ᠰᠠᠨᠠᠭᠠ ᠶᠢ ᠴᠢᠩᠭᠠᠳᠬᠠᠨ᠂ | ᠤᠯᠤᠰ ᠤᠨ ᠳᠣᠲᠣᠭᠠᠳᠤ ᠭᠠᠳᠠᠭᠠᠳᠤ ᠶᠢᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠳᠡᠮᠵᠢᠭᠦ ᠨᠡᠩ | ᠥᠷᠭᠡᠨ ᠳᠡᠯᠭᠡᠷ ᠨᠢᠭᠡᠳᠦᠮᠡᠯ ᠹᠷᠣᠨᠲ ᠢ ᠪᠤᠢ ᠪᠣᠯᠭᠠᠨᠠ᠃ ᠳᠤᠮᠳᠠᠳᠤ ᠤᠯᠤᠰ ᠢ ᠡᠰᠡᠷᠭᠦᠴᠡᠬᠦ ᠰᠢᠶᠠᠩᠭᠠᠩ ᠣᠣᠮᠧᠨ ᠢ | ᠰᠠᠮᠠᠭᠤᠷᠠᠭᠤᠯᠬᠤ ᠬᠦᠴᠦᠨ ᠳᠤ ᠡᠷᠡᠰ ᠴᠣᠬᠢᠯᠲᠠ ᠥᠭᠴᠦ᠂ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ | ᠬᠦᠴᠦᠨ ᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠨᠠ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠨᠠᠮ ᠤᠨ | ᠰᠢᠨᠲᠠᠷᠠᠰᠢ ᠦᠭᠡᠢ ᠴᠢᠷᠮᠠᠶᠢᠨ ᠲᠡᠮᠡᠴᠡᠬᠦ ᠲᠡᠦᠬᠡᠲᠦ ᠡᠭᠦᠷᠭᠡ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ | ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭᠠ ᠮᠥᠨ᠃ ᠰᠢᠨᠡ ᠴᠠᠭ ᠦᠶᠡ ᠶᠢᠨ ᠨᠠᠮ ᠤᠨ ᠲᠠᠶᠢᠸᠠᠨ ᠤ ᠠᠰᠠᠭᠤᠳᠠᠯ ᠢ | ᠰᠢᠢᠳᠪᠦᠷᠢᠯᠡᠬᠦ ᠶᠡᠷᠦᠩᠬᠡᠢ ᠠᠷᠭᠠ ᠪᠣᠳᠣᠯᠭᠠ ᠶᠢ ᠪᠠᠷᠢᠮᠲᠠᠯᠠᠨ ᠲᠤᠭᠤᠰᠢᠯᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠬᠡ ᠤᠯᠤᠰ ᠢᠶᠠᠨ | ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠤᠨᠠ᠃ | ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠨᠢᠭᠡᠳᠦᠯ ᠢ ᠪᠡᠶᠡᠯᠡᠭᠦᠯᠬᠦ ᠬᠠᠮᠤᠭ ᠤᠨ ᠰᠠᠶᠢᠨ ᠠᠷᠭᠠ ᠭᠡᠯᠪᠡᠷᠢ ᠮᠥᠨ᠂ | ᠡᠨᠡ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬᠠ ᠳᠡᠭᠦᠦ ᠨᠠᠷ ᠪᠠ ᠳᠤᠮᠳᠠᠳᠤ ᠶᠢᠨ ᠦᠨᠳᠦᠰᠦᠲᠡᠨ ᠳᠤ | ᠬᠠᠮᠤᠭ ᠠᠴᠠ ᠠᠰᠢᠭᠲᠠᠢ ᠶᠤᠮ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠨᠡ ᠬᠦ ᠰᠠᠭᠤᠷᠢᠨ ᠳᠡᠭᠡᠷᠡ ᠪᠠᠨ ᠲᠠᠶᠢᠸᠠᠨ ᠤ ᠡᠯᠡ ᠨᠠᠮ ᠪᠦᠯᠦᠭ᠂ ᠡᠯᠡ | ᠡᠲᠡᠭᠡᠳ ᠢᠯᠭᠠᠯ᠂ ᠡᠯᠡ ᠳᠠᠪᠬᠤᠷᠭᠠ ᠶᠢᠨ ᠬᠥᠮᠥᠰ ᠲᠠᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠ | ᠪᠣᠯᠣᠨ ᠤᠯᠤᠰ ᠣᠷᠣᠨ ᠤ ᠨᠢᠭᠡᠳᠦᠯ ᠤᠨ ᠲᠤᠬᠠᠢ ᠥᠷᠭᠡᠨ ᠳᠡᠯᠭᠡᠷ ᠭᠦᠨ ᠭᠦᠨᠵᠡᠭᠡᠢ ᠵᠥᠪᠳᠡᠯᠴᠡᠭᠡ ᠬᠢᠬᠦ ᠶᠢ ᠠᠬᠢᠭᠤᠯᠵᠤ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠ ᠶᠢᠨ ᠨᠠᠶᠢᠷᠠᠮᠳᠠᠯ ᠢᠶᠠᠷ ᠭᠦᠭᠵᠢᠭᠦ ᠶᠢ ᠬᠠᠮᠲᠤ ᠪᠠᠷ ᠠᠬᠢᠭᠤᠯᠵᠤ᠂ | ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨᠠ᠃ ᠪᠢᠳᠡ ᠲᠠᠶᠢᠸᠠᠨ ᠤ ᠥᠷᠭᠡᠨ ᠤᠯᠠᠨ ᠠᠬᠠ | ᠳᠡᠭᠦᠦ ᠨᠠᠷ ᠲᠠᠢ ᠪᠦᠯᠬᠦᠮᠳᠡᠬᠦ ᠶᠢ ᠪᠠᠷᠢᠮᠲᠠᠯᠠᠵᠤ᠂ ᠲᠠᠶᠢᠸᠠᠨ ᠠᠷᠠᠯ ᠤᠨ ᠳᠣᠲᠣᠷᠠᠬᠢ ᠡᠬᠡ ᠣᠷᠣᠨᠴᠢ ᠨᠢᠭᠡᠳᠦᠮᠡᠯ ᠬᠦᠴᠦᠨ ᠢ | ᠡᠷᠡᠰ ᠲᠡᠮᠵᠢᠵᠤ᠂ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ | ᠰᠠᠬᠢᠵᠤ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨᠠ᠃ ᠠᠭᠤᠤ ᠶᠡᠭᠡ ᠡᠬᠡ | ᠤᠯᠤᠰ ᠪᠣᠯ ᠤᠯᠤᠰ ᠢᠶᠠᠨ ᠬᠠᠶᠢᠷᠠᠯᠠᠬᠤ ᠪᠤᠢ ᠪᠦᠬᠦᠢ ᠨᠢᠭᠡᠳᠦᠮᠡᠯ ᠬᠦᠴᠦᠨ ᠤ ᠥᠨᠢ ᠡᠭᠦᠷᠢᠳᠡ ᠶᠢᠨ ᠪᠠᠲᠤ ᠴᠢᠩᠭᠠ | ᠲᠦᠰᠢᠭ ᠮᠥᠨ︕ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬᠠ ᠳᠡᠭᠦᠦ ᠨᠠᠷ ᠪᠣᠯ ᠤᠳᠤᠮ ᠤᠭᠰᠠᠭᠠ ᠨᠢᠭᠡᠲᠡᠢ᠂ ᠴᠢᠰᠤ | ᠮᠢᠬᠠᠨ ᠤ ᠪᠠᠷᠢᠯᠳᠤᠯᠭᠠ ᠲᠠᠢ ᠨᠢᠭᠡ ᠭᠡᠷ ᠤᠨ ᠬᠥᠮᠥᠨ ᠮᠥᠨ᠃ ᠪᠢᠳᠡ ᠢᠮᠠᠭᠲᠠ ᠲᠠᠶᠢᠸᠠᠨ ᠤ ᠠᠬᠠ ᠳᠡᠭᠦᠦ ᠨᠠᠷ ᠢ | ᠭᠦᠨᠳᠦᠳᠭᠡᠵᠦ᠂ ᠬᠠᠶᠢᠷᠠᠯᠠᠨ ᠬᠠᠯᠠᠮᠵᠢᠯᠠᠵᠤ᠂ ᠲᠠᠲᠠᠨ ᠳᠤ ᠠᠵᠠ ᠵᠢᠷᠭᠠᠯ ᠡᠳ᠋ᠯᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭᠠ ᠬᠠᠮᠲᠤᠷᠠᠯᠴᠠᠭᠠ ᠶᠢ ᠠᠬᠢᠭᠤᠯᠬᠤ ᠪᠠᠷ ᠦᠷᠭᠦᠯᠵᠢᠯᠡᠨ ᠴᠢᠷᠮᠠᠶᠢᠵᠤ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯᠡ ᠬᠦᠷᠢᠶᠡᠨ ᠤ ᠠᠭᠤᠰᠤᠯᠴᠠᠨ ᠭᠦᠭᠵᠢᠭᠦ ᠶᠢ ᠭᠦᠨᠵᠡᠭᠡᠶᠢᠷᠡᠭᠦᠯᠵᠦ᠂ | ᠲᠠᠶᠢᠸᠠᠨ ᠤ ᠠᠬᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠦᠷᠦ ᠶᠢᠨ ᠪᠣᠳᠣᠯᠭᠠ ᠶᠢ | ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠤ ᠳᠤᠮᠳᠠᠳᠤ ᠶᠢᠨ ᠰᠣᠶᠣᠯ ᠢ ᠬᠠᠮᠲᠤ ᠪᠠᠷ | ᠪᠠᠳᠠᠷᠠᠭᠤᠯᠬᠤ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬᠠ ᠳᠡᠭᠦᠦ ᠨᠠᠷ ᠤᠨ ᠰᠠᠨᠠᠭᠠ | ᠲᠠᠭᠠᠷᠠᠵᠤ ᠰᠡᠳᠬᠢᠯ ᠨᠡᠶᠢᠯᠡᠭᠦ ᠶᠢ ᠠᠬᠢᠭᠤᠯᠤᠨᠠ᠃ ᠲᠠᠶᠢᠸᠠᠨ ᠪᠣᠯ ᠳᠤᠮᠳᠠᠳᠤ ᠤᠯᠤᠰ ᠤᠨ ᠲᠠᠶᠢᠸᠠᠨ ᠮᠥᠨ᠃ ᠲᠠᠶᠢᠸᠠᠨ ᠤ | ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤ ᠤᠯᠤᠰ ᠤᠨ ᠬᠥᠮᠥᠨ ᠤ ᠥᠪᠡᠷ ᠤᠨ ᠤᠴᠢᠷ ᠮᠥᠨ᠂ ᠡᠭᠦᠨ ᠢ ᠳᠤᠮᠳᠠᠳᠤ | ᠤᠯᠤᠰ ᠤᠨ ᠬᠥᠮᠥᠨ ᠲᠣᠭᠲᠠᠭᠠᠬᠤ ᠬᠡᠷᠡᠭᠲᠡᠢ᠃ ᠪᠢᠳᠡ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ | ᠴᠢᠷᠮᠠᠶᠢᠯᠭᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨᠠ᠂ | ᠭᠡᠪᠡᠴᠦ ᠵᠡᠪᠰᠡᠭᠲᠦ ᠬᠦᠴᠦᠨ ᠬᠡᠷᠡᠭᠯᠡᠬᠦ ᠶᠢ ᠲᠠᠶᠠᠭᠳᠠᠨᠠ ᠭᠡᠵᠦ ᠶᠠᠭᠠᠬᠢᠭᠰᠠᠨ ᠴᠤ ᠠᠮᠠᠯᠠᠬᠤ ᠦᠭᠡᠢ᠂ ᠠᠯᠢᠪᠠ ᠴᠢᠬᠤᠯᠠ | ᠪᠦᠬᠦᠢ ᠠᠷᠭᠠ ᠬᠡᠮᠵᠢᠶᠡ ᠠᠪᠬᠤ ᠰᠣᠩᠭᠤᠯᠲᠠ ᠪᠠᠨ ᠦᠯᠡᠳᠡᠭᠡᠨᠡ᠂ ᠡᠨᠡ ᠨᠢ ᠭᠠᠳᠠᠭᠠᠳᠤ ᠶᠢᠨ ᠬᠦᠴᠦᠨ ᠤ ᠭᠠᠷ ᠲᠦᠷᠦᠭᠦ | ᠪᠠ ᠲᠦᠢᠯ ᠤᠨ ᠴᠥᠭᠡᠨ ᠲᠣᠭᠠᠨ ᠤ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠵᠢᠴᠢ | ᠲᠡᠳᠡᠨ ᠤ ᠬᠠᠭᠠᠴᠠᠭᠤᠯᠬᠤ ᠠᠵᠢᠯᠯᠠᠭᠠ ᠳᠤ ᠴᠢᠭᠯᠡᠭᠦᠯᠵᠦ ᠪᠠᠶᠢᠭᠠ ᠶᠤᠮ᠂ ᠥᠷᠭᠡᠨ ᠤᠯᠠᠨ ᠲᠠᠶᠢᠸᠠᠨ ᠤ ᠠᠬᠠ ᠳᠡᠭᠦᠦ | ᠨᠠᠷ ᠲᠤ ᠴᠢᠭᠯᠡᠭᠦᠯᠵᠦ ᠪᠠᠶᠢᠭᠠ ᠶᠠᠪᠤᠳᠠᠯ ᠤᠬᠳᠤ ᠪᠢᠰᠢ᠃ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠡᠦᠬᠡ ᠶᠢᠨ ᠬᠦᠷᠳᠦ ᠦᠷᠭᠦᠯᠵᠢᠯᠠᠨ ᠤᠷᠤᠭᠰᠢᠯᠠᠵᠤ ᠪᠠᠶᠢᠨᠠ᠂ ᠡᠬᠡ ᠤᠯᠤᠰ ᠤᠨ ᠪᠦᠷᠢᠨ ᠨᠢᠭᠡᠳᠦᠯ ᠢ | ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ ᠴᠢᠳᠠᠬᠤ ᠶᠤᠮ︕ | ᠠᠷᠪᠠᠨ ᠳᠥᠷᠪᠡ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨᠠ | ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳ ᠡᠮᠦᠨᠡ ᠪᠠᠶᠢᠭᠠ ᠦᠭᠡᠢ ᠭᠡᠯᠪᠡᠷᠢ ᠪᠠᠷ ᠶᠠᠪᠤᠭᠳᠠᠵᠤ ᠪᠠᠶᠢᠨᠠ᠃ ᠨᠢᠭᠡ ᠲᠠᠯᠠ ᠪᠠᠷ᠂ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ | ᠪᠠᠶᠢᠵᠤ᠂ ᠬᠥᠮᠥᠰ ᠤᠨ ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠨᠢ ᠬᠥᠮᠥᠨ ᠲᠥᠷᠥᠯᠬᠢᠲᠡᠨ ᠤ | ᠢᠷᠡᠭᠡᠳᠦᠢ ᠡᠴᠦᠰ ᠲᠡᠭᠡᠨ ᠭᠡᠭᠡᠨ ᠰᠠᠷᠠᠭᠤᠯ ᠪᠤᠯᠬᠤ ᠶᠢ ᠲᠣᠭᠲᠠᠭᠠᠪᠠ᠃ | ᠨᠦᠭᠦᠭᠡ ᠲᠠᠯᠠ ᠪᠠᠷ᠂ ᠬᠦᠴᠦᠷᠬᠡᠭ ᠲᠡᠭᠡᠨ ᠡᠷᠳᠦᠨ ᠪᠠᠭᠤᠷᠠᠢ ᠶᠢ ᠳᠠᠷᠤᠯᠠᠬᠤ᠂ ᠮᠡᠭᠡ ᠪᠠᠷ ᠮᠥᠯᠵᠢᠵᠦ ᠬᠦᠴᠦ ᠪᠠᠷ | ᠪᠤᠯᠢᠶᠠᠬᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠵᠡᠷᠭᠡ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ | ᠳᠠᠷᠤᠯᠠᠬᠤ ᠠᠵᠢᠯᠯᠠᠭᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠣᠯᠵᠤ᠂ ᠡᠩᠬᠡ ᠲᠠᠶᠢᠪᠤᠩ ᠤᠨ ᠤᠯᠠᠭᠠᠨ ᠲᠤᠭᠠ᠂ | ᠬᠥᠭᠵᠢᠯᠲᠡ ᠶᠢᠨ ᠤᠯᠠᠭᠠᠨ ᠲᠤᠭᠠ᠂ ᠠᠮᠤᠷ ᠲᠦᠪᠰᠢᠨ ᠤ ᠤᠯᠠᠭᠠᠨ ᠲᠤᠭᠠ᠂ ᠵᠠᠰᠠᠯᠲᠠ ᠶᠢᠨ ᠤᠯᠠᠭᠠᠨ ᠲᠤᠭᠠ | ᠬᠦᠨᠳᠦᠷᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨᠡ ᠪᠠᠶᠢᠭᠠ ᠦᠭᠡᠢ ᠰᠢᠯᠭᠠᠯᠲᠠ ᠳᠤ ᠲᠤᠯᠭᠠᠷᠠᠵᠤ ᠪᠠᠶᠢᠨᠠ | ᠃ ᠳᠡᠯᠡᠬᠡᠢ ᠶᠢᠷᠲᠢᠨᠴᠦ ᠪᠠᠰᠠ ᠨᠢᠭᠡ ᠤᠳᠠᠭᠠ ᠲᠡᠦᠬᠡ ᠶᠢᠨ ᠲᠣᠨᠣᠯᠵᠢᠨ ᠵᠠᠮ ᠳᠤ ᠵᠣᠭᠰᠣᠯᠠ᠂ ᠬᠠᠮᠢᠭᠠᠰᠢ ᠪᠠᠨ ᠶᠠᠪᠤᠬᠤ ᠨᠢ | ᠡᠯᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠲᠣᠭᠲᠠᠭᠠᠭᠳᠠᠨᠠ᠃ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ | ᠠᠬᠢᠭᠤᠯᠬᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭᠠ ᠶᠢᠨ ᠵᠣᠷᠢᠯᠲᠠ ᠶᠢ ᠪᠠᠷᠢᠮᠲᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨᠠ᠃ | ᠳᠤᠮᠳᠠᠳᠤ ᠤᠯᠤᠰ ᠪᠡᠶᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭᠠ ᠶᠢ ᠡᠷᠡᠰ ᠬᠡᠷᠡᠭᠵᠢᠭᠦᠯᠵᠦ᠂ ᠢᠮᠠᠭᠲᠠ ᠤᠴᠢᠷ ᠶᠠᠪᠤᠳᠠᠯ ᠤᠨ ᠲᠤᠰ ᠪᠡᠶᠡ ᠶᠢᠨ ᠵᠥᠪ ᠪᠤᠷᠤᠭᠤ ᠶᠢ ᠦᠨᠳᠦᠰᠦᠯᠡᠨ | ᠥᠪᠡᠷ ᠤᠨ ᠵᠣᠭᠰᠣᠯᠲᠠ ᠪᠠ ᠲᠦᠷᠦ ᠶᠢᠨ ᠪᠣᠳᠣᠯᠭᠠ ᠪᠠᠨ ᠲᠣᠭᠲᠠᠭᠠᠵᠤ᠂ ᠤᠯᠤᠰ ᠤᠨ ᠬᠤᠭᠤᠷᠤᠨᠳᠤᠭᠢ ᠬᠠᠷᠢᠯᠴᠠᠭᠠᠨ ᠤ | ᠦᠨᠳᠦᠰᠦᠨ ᠪᠠᠷᠢᠮᠵᠢᠶᠠ ᠶᠢ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨᠠ᠃ | ᠳᠤᠮᠳᠠᠳᠤ ᠤᠯᠤᠰ ᠡᠯᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠭᠦᠨᠳᠦᠳᠭᠡᠵᠦ᠂ ᠤᠯᠤᠰ ᠶᠡᠭᠡ ᠪᠠᠭᠠ᠂ ᠬᠦᠴᠦᠷᠬᠡᠭ ᠪᠠᠭᠤᠷᠠᠢ᠂ ᠪᠠᠶᠠᠨ ᠶᠠᠳᠠᠭᠤ ᠶᠢᠨ ᠢᠯᠭᠠᠯ ᠦᠭᠡᠢ ᠴᠥᠮ ᠡᠷᠬᠡ | ᠲᠡᠭᠰᠢ ᠪᠠᠶᠢᠬᠤ ᠶᠢ ᠪᠠᠷᠢᠮᠲᠠᠯᠠᠵᠤ᠂ ᠡᠯᠡ ᠤᠯᠤᠰ ᠤᠨ ᠠᠷᠠᠳ ᠲᠦᠮᠡᠨ ᠤ ᠪᠡᠶᠡ ᠪᠠᠨ ᠳᠠᠭᠠᠭᠠᠵᠤ ᠰᠣᠩᠭᠤᠭᠰᠠᠨ | ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠦᠢᠲᠡᠨ ᠲᠠᠶᠢᠨ ᠤ ᠰᠡᠳᠬᠢᠬᠦᠢ ᠶᠢ ᠡᠰᠡᠷᠭᠦᠴᠡᠵᠦ᠂ ᠪᠤᠰᠤᠳ | ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠵᠦ᠂ ᠬᠤᠶᠠᠷᠳᠠᠮᠠᠯ ᠪᠠᠷᠢᠮᠵᠢᠶᠠ ᠲᠣᠭᠲᠠᠭᠠᠬᠤ ᠶᠢ | ᠡᠰᠡᠷᠭᠦᠴᠡᠨᠡ᠃ ᠳᠤᠮᠳᠠᠳᠤ ᠤᠯᠤᠰ ᠬᠤᠷᠢᠭᠯᠠᠯᠲᠠ ᠶᠢᠨ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠷᠦ ᠶᠢᠨ | ᠪᠣᠳᠣᠯᠭᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ | ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠠ ᠴᠦ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠤᠯᠬᠤ | ᠦᠭᠡᠢ᠂ ᠡᠭᠦᠷᠢᠳᠡ ᠭᠠᠳᠠᠭᠰᠢ ᠲᠦᠷᠢᠭᠦ ᠦᠭᠡᠢ᠃ | ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷᠡ ᠡᠯᠡ | ᠤᠯᠤᠰ ᠯᠤᠭᠠ ᠨᠥᠭᠦᠷᠰᠡᠭ ᠬᠠᠮᠲᠤᠷᠠᠯᠴᠠᠭᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠰᠢᠨᠡ ᠮᠠᠶ᠋ᠢᠭ ᠤᠨ ᠤᠯᠤᠰ ᠤᠨ | ᠬᠤᠭᠤᠷᠤᠨᠳᠤᠭᠢ ᠬᠠᠷᠢᠯᠴᠠᠭᠠ ᠪᠠᠶᠢᠭᠤᠯᠬᠤ ᠶᠢ ᠠᠬᠢᠭᠤᠯᠵᠤ᠂ ᠡᠷᠬᠡ ᠲᠡᠭᠰᠢ᠂ ᠨᠡᠭᠡᠭᠡᠯᠲᠡᠲᠡᠢ᠂ ᠬᠠᠮᠲᠤᠷᠠᠨ ᠠᠵᠢᠯᠯᠠᠬᠤ | ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠯᠡ ᠤᠯᠤᠰ ᠯᠤᠭᠠ ᠶᠢᠨ ᠠᠰᠢᠭ | ᠲᠤᠰᠠ ᠶᠢᠨ ᠨᠡᠶᠢᠯᠡᠯ ᠴᠡᠭ ᠢ ᠥᠷᠭᠡᠳᠬᠡᠬᠦ ᠪᠠᠷ ᠬᠦᠴᠦᠯᠡᠨ ᠴᠢᠷᠮᠠᠶᠢᠨᠠ᠃ ᠲᠣᠮᠣ ᠤᠯᠤᠰ ᠤᠨ ᠵᠣᠬᠢᠴᠠᠭᠤᠯᠭᠠ ᠪᠠ ᠰᠠᠶᠢᠨ | ᠦᠢᠯᠡᠳᠦᠯᠴᠡᠯ ᠢ ᠠᠬᠢᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠶᠡᠷᠦᠩᠬᠡᠢ ᠳᠡᠭᠡᠨ ᠲᠣᠭᠲᠠᠭᠤᠨ᠂ | ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨᠠ᠃ ᠳᠣᠲᠣᠨᠣ | ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠨᠠᠶᠢᠵᠠᠯᠠᠬᠤ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠢ ᠪᠠᠷᠢᠮᠲᠠᠯᠠᠵᠤ᠂ | ᠡᠷᠭᠢᠨ ᠲᠣᠭᠤᠷᠢᠨ ᠤ ᠤᠯᠤᠰ ᠤᠳ ᠯᠤᠭᠠ ᠶᠢᠨ ᠨᠥᠭᠦᠷᠰᠡᠭ ᠢᠲᠡᠭᠡᠯᠴᠡᠭᠡ ᠪᠠ ᠠᠰᠢᠭ ᠲᠤᠰᠠ ᠶᠢᠨ ᠠᠭᠤᠰᠤᠯᠴᠠᠭᠠ ᠶᠢ | ᠭᠦᠨᠵᠡᠭᠡᠶᠢᠷᠡᠭᠦᠯᠦᠨᠡ᠃ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ ᠵᠢᠷᠤᠮ ᠠᠰᠢᠭ ᠤᠨ | ᠦᠵᠡᠯᠲᠡ ᠶᠢ ᠪᠠᠷᠢᠮᠲᠠᠯᠠᠨ ᠬᠥᠭᠵᠢᠵᠦ ᠪᠠᠶᠢᠭᠠ ᠤᠯᠤᠰ ᠯᠤᠭᠠ ᠶᠢᠨ ᠪᠦᠯᠬᠦᠮᠳᠡᠯ ᠬᠠᠮᠲᠤᠷᠠᠯᠴᠠᠭᠠ ᠪᠠᠨ ᠴᠢᠩᠭᠠᠳᠬᠠᠵᠤ᠂ | ᠬᠥᠭᠵᠢᠵᠦ ᠪᠠᠶᠢᠭᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨᠠ᠃ ᠳᠤᠮᠳᠠᠳᠤ ᠤᠯᠤᠰ ᠤᠨ ᠡᠪ ᠬᠠᠮᠲᠤ | ᠨᠠᠮ ᠳᠤᠷᠠᠲᠠᠶᠠ ᠪᠡᠶᠡ ᠪᠠᠨ ᠳᠠᠭᠠᠭᠠᠵᠤ ᠡᠵᠡᠨ ᠮᠡᠳᠡᠭᠦ᠂ ᠪᠦᠷᠢᠮᠦᠰᠦᠨ ᠡᠷᠬᠡ ᠲᠡᠭᠰᠢ ᠪᠠᠶᠢᠬᠤ᠂ ᠬᠠᠷᠢᠯᠴᠠᠨ ᠬᠦᠨᠳᠦᠳᠬᠡᠬᠦ᠂ | ᠳᠣᠲᠣᠭᠠᠳᠤ ᠬᠡᠷᠡᠭ ᠲᠤ ᠬᠠᠷᠢᠯᠴᠠᠨ ᠭᠠᠷ ᠦᠯᠦ ᠲᠦᠷᠦᠭᠦ ᠵᠠᠷᠴᠢᠮ ᠤᠨ ᠰᠠᠭᠤᠷᠢᠨ ᠳᠡᠭᠡᠷᠡ ᠡᠯᠡ ᠤᠯᠤᠰ ᠤᠨ ᠲᠦᠷᠦ ᠶᠢᠨ | ᠨᠠᠮ ᠪᠠ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭᠠ ᠶᠢᠨ ᠰᠣᠯᠢᠯᠴᠠᠭᠠ ᠬᠠᠮᠲᠤᠷᠠᠯᠴᠠᠭᠠ ᠪᠠᠨ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠴᠡᠷᠢᠭ ᠠᠩᠭᠢ᠂ ᠣᠷᠣᠨ ᠨᠤᠲᠤᠭ | ᠂ ᠠᠷᠠᠳ ᠤᠨ ᠬᠤᠭᠤᠷᠤᠨᠳᠤᠭᠢ ᠵᠡᠷᠭᠡ ᠡᠯᠡ ᠲᠠᠯᠠ ᠶᠢᠨ ᠭᠠᠳᠠᠭᠠᠳᠤ ᠬᠠᠷᠢᠯᠴᠠᠭᠠ ᠶᠢ ᠢᠳᠡᠪᠬᠢᠲᠡᠢ ᠠᠬᠢᠭᠤᠯᠤᠨᠠ᠃ | ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠤᠯᠤᠰ ᠤᠨ ᠦᠨᠳᠦᠰᠦᠨ ᠪᠣᠳᠣᠯᠭᠠ ᠶᠢ ᠪᠠᠷᠢᠮᠲᠠᠯᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭᠠ ᠶᠢ ᠡᠷᠡᠰ ᠬᠡᠷᠡᠭᠵᠢᠭᠦᠯᠦᠨ᠂ ᠳᠤᠮᠳᠠᠳᠤ | ᠤᠯᠤᠰ ᠤᠨ ᠰᠢᠨᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨᠡ ᠲᠣᠭᠢᠶᠠᠯ ᠲᠠᠰᠤᠷᠠᠯᠲᠠ ᠦᠭᠡᠢ ᠬᠠᠩᠭᠠᠵᠤ᠂ ᠨᠡᠭᠡᠭᠡᠯᠲᠡᠲᠤ | ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠡᠯᠡ ᠤᠯᠤᠰ ᠤᠨ ᠠᠷᠠᠳ ᠲᠦᠮᠡᠨ ᠳᠤ ᠨᠡᠩ | ᠰᠠᠶᠢᠨ ᠠᠰᠢᠭ ᠬᠦᠷᠲᠡᠭᠡᠨᠡ᠃ ᠳᠤᠮᠳᠠᠳᠤ ᠤᠯᠤᠰ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠂ | ᠠᠷᠠᠯᠵᠢᠶᠠ ᠪᠣᠯᠣᠨ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠲᠦᠭᠦᠮ ᠳᠥᠲᠡ ᠪᠤᠯᠬᠤ ᠶᠢ ᠠᠬᠢᠭᠤᠯᠵᠤ᠂ | ᠬᠤᠶᠠᠷ ᠲᠠᠯᠠᠲᠤ᠂ ᠣᠷᠣᠨ ᠪᠦᠰᠡ ᠶᠢᠨ ᠪᠣᠯᠣᠨ ᠤᠯᠠᠨ ᠲᠠᠯᠠᠲᠤ ᠬᠠᠮᠲᠤᠷᠠᠯᠴᠠᠭᠠ ᠶᠢ ᠠᠬᠢᠭᠤᠯᠤᠨ᠂ ᠤᠯᠠᠨ ᠤᠯᠤᠰ ᠤᠨ | ᠬᠤᠷᠸᠠ ᠠᠵᠤ ᠠᠬᠤᠢ ᠶᠢᠨ ᠲᠦᠷᠦ ᠶᠢᠨ ᠪᠣᠳᠣᠯᠭᠠ ᠶᠢᠨ ᠵᠣᠬᠢᠴᠠᠭᠤᠯᠭᠠ ᠶᠢ ᠠᠬᠢᠭᠤᠯᠵᠤ᠂ ᠬᠥᠭᠵᠢᠯᠲᠡ ᠳᠤ ᠠᠰᠢᠭᠲᠠᠢ | ᠤᠯᠠᠨ ᠤᠯᠤᠰ ᠤᠨ ᠣᠷᠴᠢᠨ ᠢ ᠬᠠᠮᠲᠤ ᠪᠠᠷ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨᠡ ᠬᠦᠳᠡᠯᠭᠡᠬᠦ | ᠡᠨᠧᠷᠭᠢ ᠶᠢ ᠬᠠᠮᠲᠤ ᠪᠠᠷ ᠪᠤᠶᠢᠵᠢᠭᠤᠯᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ︽ᠬᠡᠷᠡᠮ ᠪᠣᠰᠬᠠᠵᠤ ᠪᠠᠬᠢᠯᠡᠯᠲᠡ | ᠪᠠᠶᠢᠭᠤᠯᠬᠤ︾᠂ ︽ᠬᠠᠷᠢᠯᠴᠠᠭᠠ ᠲᠠᠰᠤᠷᠠᠵᠤ ᠬᠡᠯᠬᠢᠶᠡ ᠶᠢ ᠲᠠᠰᠤᠯᠬᠤ︾ ᠶᠢ ᠡᠰᠡᠷᠭᠦᠴᠡᠵᠦ᠂ ᠭᠠᠭᠴᠠ ᠲᠠᠯᠠ ᠠᠴᠠ | ᠵᠠᠯᠬᠠᠭᠠᠯ ᠦᠵᠡᠭᠦᠯᠭᠦ᠂ ᠲᠦᠢᠯ ᠤᠨ ᠶᠡᠭᠡ ᠳᠠᠷᠤᠯᠲᠠ ᠦᠵᠡᠭᠦᠯᠭᠦ ᠶᠢ ᠡᠰᠡᠷᠭᠦᠴᠡᠨᠡ᠃ ᠳᠤᠮᠳᠠᠳᠤ ᠤᠯᠤᠰ ᠳᠤᠷᠠᠲᠠᠶᠠ ᠪᠦᠭᠦ | ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭᠠᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ | ᠡᠮᠦᠨᠡᠲᠦ ᠤᠮᠠᠷᠠᠲᠤ ᠶᠢᠨ ᠵᠥᠷᠢᠶᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭᠠ | ᠤᠯᠤᠰ ᠤᠳ ᠤᠨ ᠬᠥᠭᠵᠢᠯᠲᠡ ᠪᠠᠨ ᠲᠦᠷᠭᠡᠳᠬᠡᠬᠦ ᠶᠢ ᠡᠷᠡᠰ ᠳᠡᠮᠵᠢᠵᠦ ᠬᠠᠪᠰᠤᠷᠤᠨᠠ᠃ | ᠳᠤᠮᠳᠠᠳᠤ ᠤᠯᠤᠰ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ | ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠦᠨᠡᠨ ᠬᠦ ᠤᠯᠠᠨ ᠲᠠᠯᠠᠲᠤ ᠦᠵᠡᠯ ᠢ | ᠪᠠᠷᠢᠮᠲᠠᠯᠠᠨ᠂ ᠤᠯᠠᠨ ᠤᠯᠤᠰ ᠤᠨ ᠬᠠᠷᠢᠯᠴᠠᠭᠠ ᠶᠢᠨ ᠠᠷᠠᠳᠴᠢᠯᠠᠯᠲᠠ ᠶᠢ ᠠᠬᠢᠭᠤᠯᠵᠤ᠂ ᠪᠦᠭᠦ ᠪᠥᠮᠪᠥᠷᠴᠡᠭ ᠤᠨ | ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠤᠨᠠ᠃ ᠤᠯᠠᠨ ᠤᠯᠤᠰ ᠤᠨ | ᠬᠤᠯᠪᠣᠭᠠᠲᠤ ᠪᠠᠶᠢᠭᠤᠯᠭᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ | ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ | ᠦᠨᠳᠦᠰᠦᠨ ᠪᠠᠷᠢᠮᠵᠢᠶᠠ ᠶᠢ ᠡᠷᠡᠰ ᠬᠠᠮᠠᠭᠠᠯᠠᠵᠤ᠂ ᠶᠠᠮᠠᠷᠪᠠ ᠭᠡᠯᠪᠡᠷᠢ ᠶᠢᠨ ᠭᠠᠭᠴᠠ ᠲᠠᠯᠠᠲᠤ ᠦᠵᠡᠯ ᠢ ᠡᠰᠡᠷᠭᠦᠴᠡᠵᠦ᠂ | ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠯᠡᠭᠧᠷ ᠤᠨ ᠮᠠᠶ᠋ᠢᠭ ᠤᠨ ᠪᠠ ᠪᠤᠰᠤᠳ ᠢ ᠭᠠᠳᠠᠭᠤᠷᠴᠢᠯᠠᠬᠤ ᠴᠢᠨᠠᠷᠲᠠᠢ | ᠵᠢᠵᠢᠭ ᠪᠦᠯᠭᠦᠮ ᠪᠠᠶᠢᠭᠤᠯᠬᠤ ᠶᠢ ᠡᠰᠡᠷᠭᠦᠴᠡᠨᠡ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ᠂ ᠠᠽᠢᠶᠠ ᠲᠢᠪ | ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠲᠣᠭᠲᠠᠴᠠ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠠᠯᠳᠠᠨ ᠲᠣᠭᠤᠰᠭ᠋ᠠ ᠶᠢᠨ ᠤᠯᠤᠰ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠶᠢᠨ ᠨᠥᠯᠥᠭᠡᠯᠡᠬᠦ | ᠬᠦᠴᠦᠨ ᠢ ᠥᠷᠭᠡᠳᠬᠡᠵᠦ᠂ ᠰᠢᠨᠡ ᠪᠠᠷ ᠮᠠᠨᠳᠤᠭᠰᠠᠨ ᠵᠠᠬᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭᠠ | ᠤᠯᠤᠰ ᠤᠨ ᠪᠦᠭᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠭᠡᠯᠡᠭᠦ ᠡᠷᠬᠡ ᠶᠢ | ᠴᠢᠩᠭᠠᠳᠬᠠᠨᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠠᠮᠤᠷ ᠲᠦᠪᠰᠢᠨ ᠤ ᠳᠦᠷᠢᠮ ᠢ ᠲᠣᠭᠲᠠᠭᠠᠬᠤ ᠳᠤ | ᠢᠳᠡᠪᠬᠢᠲᠡᠢ ᠣᠷᠤᠯᠴᠠᠬᠤ ᠪᠠᠨ ᠪᠠᠷᠢᠮᠲᠠᠯᠠᠵᠤ᠂ ᠤᠯᠠᠨ ᠤᠯᠤᠰ ᠤᠨ ᠠᠮᠤᠷ ᠲᠦᠪᠰᠢᠨ ᠤ ᠬᠠᠮᠲᠤᠷᠠᠯᠴᠠᠭᠠ ᠶᠢ | ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭᠠ ᠳᠤ | ᠢᠳᠡᠪᠬᠢᠲᠡᠢ ᠣᠷᠣᠯᠴᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠳᠤ | ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯᠡ | ᠤᠯᠤᠰ ᠤᠨ ᠠᠷᠠᠳ ᠲᠦᠮᠡᠨ ᠤ ᠢᠷᠡᠭᠡᠳᠦᠢ ᠮᠥᠨ᠃ ᠲᠦᠮᠡᠨ ᠪᠣᠳᠠᠰ ᠵᠡᠷᠭᠡᠳᠡ ᠠᠮᠢᠯᠠᠨ ᠲᠥᠯᠵᠢᠪᠡᠴᠦ ᠬᠠᠷᠢᠯᠴᠠᠨ | ᠬᠤᠬᠢᠷᠠᠭᠤᠯᠬᠤ ᠦᠭᠡᠢ᠂ ᠶᠣᠰᠣ ᠳᠦᠷᠢᠮ ᠵᠡᠷᠭᠡᠳᠡ ᠣᠷᠣᠰᠢᠪᠠᠴᠤ ᠬᠠᠷᠢᠯᠴᠠᠨ ᠬᠠᠷᠰᠢᠯᠳᠤᠬᠤ ᠦᠭᠡᠢ᠃ ᠭᠠᠭᠴᠠ ᠬᠦ ᠡᠯᠡ | ᠤᠯᠤᠰ ᠳᠡᠯᠡᠬᠡᠢ ᠳ᠋ᠠᠬᠢᠨ ᠤ ᠳᠠᠷᠳᠠᠩ ᠵᠠᠮ ᠢᠶᠠᠷ ᠵᠠᠮᠨᠠᠵᠤ᠂ ᠡᠶᠡ ᠨᠠᠶᠢᠷᠰᠠᠭ ᠢᠶᠠᠷ ᠬᠠᠮᠲᠤ ᠣᠷᠣᠰᠢᠵᠤ᠂ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠭᠦᠷᠳᠡᠪᠡᠯ᠂ ᠴᠡᠴᠡᠭᠯᠡᠯ ᠬᠥᠭᠵᠢᠯ ᠰᠠᠶ᠋ᠢ ᠥᠨᠢ ᠤᠳᠠᠭᠠᠨ ᠦᠷᠭᠦᠯᠵᠢᠯᠡᠵᠦ᠂ ᠠᠮᠤᠷ | ᠲᠦᠪᠰᠢᠨ ᠰᠠᠶ᠋ᠢ ᠪᠠᠲᠤᠯᠠᠭᠠ ᠲᠠᠢ ᠪᠣᠯᠵᠤ ᠴᠢᠳᠠᠨᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭᠠ ᠶᠢ ᠳᠤᠷᠠᠳᠤᠭᠰᠠᠨ ᠪᠥᠭᠡᠳ ᠳᠤᠷᠠᠲᠠᠶᠠ | ᠳᠡᠯᠡᠬᠡᠢ ᠨᠡᠶᠢᠭᠡᠮ ᠲᠠᠢ ᠬᠠᠮᠲᠤ ᠪᠠᠷ ᠴᠢᠷᠮᠠᠶᠢᠨ ᠨᠠᠶᠢᠳᠠᠪᠤᠷᠢᠵᠢᠭᠤᠯᠤᠨᠠ᠃ ᠳᠤᠮᠳᠠᠳᠤ ᠤᠯᠤᠰ ᠶᠠᠷᠢᠯᠴᠠᠭᠠ ᠵᠥᠪᠳᠡᠯᠴᠡᠭᠡ | ᠬᠢᠬᠦ ᠶᠢ ᠪᠠᠷᠢᠮᠲᠠᠯᠠᠵᠤ᠂ ᠥᠨᠢ ᠤᠳᠠᠭᠠᠨ ᠡᠩᠬᠡ ᠲᠠᠶᠢᠪᠤᠩ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨᠠ︔ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ | ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨᠠ︔ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ | ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨᠠ︔ ᠰᠣᠯᠢᠯᠴᠠᠭᠠ ᠬᠢᠵᠦ | ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ ᠪᠠᠶᠢᠭᠤᠯᠬᠤ ᠶᠢ | ᠠᠭᠢᠭᠤᠯᠤᠨᠠ︔ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠ ᠭᠠᠳᠠᠭᠰᠢᠯᠠᠭᠤᠯᠬᠤ ᠶᠢ ᠪᠠᠷᠢᠮᠲᠠᠯᠠᠵᠤ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨᠠ᠃ | ᠳᠡᠯᠡᠬᠡᠢ ᠶᠢᠨ ᠡᠯᠡ ᠤᠯᠤᠰ ᠤᠨ ᠬᠢᠨ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠦᠭᠡ ᠶᠢ ᠡᠷᠬᠢᠮᠯᠡᠭᠰᠡᠨ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ | ᠡᠯᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠬᠤ ᠪᠠ ᠳᠣᠲᠣᠨᠣᠰᠤᠭ ᠪᠠᠶᠢᠬᠤ ᠶᠢ ᠠᠬᠢᠭᠤᠯᠵᠤ᠂ ᠳᠡᠯᠡᠬᠡᠢ ᠶᠢᠨ | ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠪᠣᠯᠪᠠᠰᠤᠨ ᠤ ᠰᠣᠯᠢᠯᠴᠠᠭᠠ ᠪᠠᠷ ᠪᠣᠯᠪᠠᠰᠤᠨ ᠤ ᠵᠠᠪᠰᠠᠷᠳᠠᠯ ᠢ | ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠦᠷᠭᠦᠯᠳᠦᠭᠡᠨ ᠢ ᠳᠠᠪᠠᠵᠤ᠂ ᠪᠣᠯᠪᠠᠰᠤᠨ ᠤ | ᠬᠠᠮᠲᠤ ᠪᠠᠷ ᠣᠷᠣᠰᠢᠬᠤ ᠪᠠᠷ ᠪᠣᠯᠪᠠᠰᠤᠨ ᠤ ᠳᠠᠪᠠᠮᠠᠭᠠᠶᠢᠯᠠᠯ ᠢ ᠳᠠᠪᠠᠵᠤ᠂ ᠪᠦᠭᠦ ᠪᠥᠮᠪᠥᠷᠴᠡᠭ ᠤᠨ ᠴᠢᠨᠠᠷᠲᠠᠢ ᠡᠯᠡ ᠵᠦᠢᠯ ᠤᠨ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠪᠢᠳᠡ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨᠠ᠃ | ᠪᠢᠳᠡ ᠥᠷᠢᠰᠦᠯᠳᠦᠭᠡᠨ ᠶᠡᠬᠡᠲᠡᠢ ᠴᠠᠭ ᠦᠶᠡ ᠳᠤ ᠣᠷᠣᠰᠢᠵᠤ ᠪᠠᠶᠢᠨᠠ᠂ ᠮᠥᠨ ᠴᠦ ᠬᠦᠰᠡᠯ ᠡᠷᠡᠮᠡᠯᠵᠡᠯ ᠢᠶᠠᠷ | ᠪᠢᠯᠬᠠᠭᠰᠠᠨ ᠴᠠᠭ ᠦᠶᠡ ᠳᠤ ᠣᠷᠣᠰᠢᠵᠤ ᠪᠠᠶᠢᠨᠠ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶᠠ ᠳᠡᠯᠡᠬᠡᠢ ᠶᠢᠨ | ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠨᠡ | ︕ | ᠠᠷᠪᠠᠨ ᠲᠠᠪᠤ᠂ ᠪᠦᠭᠦ ᠲᠠᠯᠠ ᠪᠠᠷ ᠨᠠᠮ ᠢ ᠴᠢᠩᠭᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨᠡ ᠴᠠᠭ | ᠦᠶᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨᠡ ᠢᠨᠵᠧᠨᠧᠷᠢᠩ ᠢ ᠭᠦᠨᠵᠡᠭᠡᠢ ᠠᠬᠢᠭᠤᠯᠤᠨᠠ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯᠠ ᠪᠠᠷ ᠠᠬᠢᠭᠤᠯᠬᠤ ᠶᠢᠨ ᠵᠠᠩᠭᠢᠯᠠᠭᠠ ᠨᠢ ᠨᠠᠮ ᠳᠤ | ᠪᠠᠶᠢᠨᠠ᠃ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ | ᠪᠣᠯᠤᠭᠰᠠᠨ ᠤ ᠬᠤᠪᠢ ᠳᠤ᠂ ᠢᠮᠠᠭᠲᠠ ᠠᠷᠠᠳ ᠲᠦᠮᠡᠨ ᠤ ᠬᠦᠷᠢᠶᠡᠯᠡᠯ ᠢ ᠣᠯᠵᠤ᠂ ᠤᠷᠳᠤ ᠬᠤᠭᠤᠴᠠᠭᠠ ᠪᠠᠷ ᠲᠦᠷᠦ | ᠪᠠᠷᠢᠬᠤ ᠪᠠᠶᠢᠷᠢ ᠰᠠᠭᠤᠷᠢ ᠪᠠᠨ ᠪᠠᠬᠢᠵᠢᠭᠦᠯᠦᠶᠡ ᠭᠡᠪᠡᠯ᠂ ᠡᠷᠬᠡᠪᠰᠢ ᠲᠣᠮᠣ ᠨᠠᠮ ᠳᠤ ᠯᠡ ᠪᠠᠶᠢᠳᠠᠭ ᠪᠡᠷᠬᠡ ᠰᠡᠳᠦᠪ ᠢ | ᠰᠢᠢᠳᠪᠦᠷᠢᠯᠡᠬᠦ ᠰᠡᠷᠭᠡᠭ ᠲᠠᠨᠢᠯᠲᠠ ᠪᠠ ᠡᠷᠡᠰ ᠪᠠᠲᠤ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠦᠭᠦ ᠲᠠᠯᠠ ᠪᠠᠷ ᠨᠠᠮ ᠢ ᠴᠢᠩᠭᠠ ᠵᠠᠰᠠᠬᠤ ᠪᠠᠷ ᠲᠠᠮᠵᠢᠨ᠂ ᠪᠢᠳᠡ ᠨᠠᠮ ᠤᠨ | ᠳᠣᠲᠣᠭᠠᠳᠤ ᠶᠢᠨ ᠮᠠᠰᠢ ᠤᠯᠠᠨ ᠲᠣᠪᠤᠶᠢᠮᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ ᠲᠤᠯᠭᠠᠷᠠᠵᠤ ᠪᠠᠶᠢᠭᠠ | ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬᠠ ᠳᠡᠯᠭᠡᠭᠦᠷ ᠤᠨ ᠠᠵᠤ ᠠᠬᠤᠢ ᠶᠢᠨ | ᠰᠢᠯᠭᠠᠯᠲᠠ᠂ ᠭᠠᠳᠠᠭᠠᠳᠤ ᠣᠷᠴᠢᠨ ᠤ ᠰᠢᠯᠭᠠᠯᠲᠠ ᠤᠷᠳᠤ ᠬᠤᠭᠤᠴᠠᠭᠠ ᠪᠠᠷ ᠣᠷᠣᠰᠢᠵᠤ᠂ ᠤᠶᠤᠨ ᠰᠠᠨᠠᠭᠠ | ᠬᠤᠶᠢᠷᠭᠤᠰᠢᠬᠤ ᠲᠦᠭᠰᠢᠭᠦᠷᠢ᠂ ᠴᠢᠳᠠᠪᠤᠷᠢ ᠮᠡᠬᠦᠰᠳᠡᠬᠦ ᠲᠦᠭᠰᠢᠭᠦᠷᠢ᠂ ᠤᠯᠠᠨ ᠲᠦᠮᠡᠨ ᠠᠴᠠ ᠬᠥᠨᠳᠡᠶᠢᠷᠡᠬᠦ ᠲᠦᠭᠰᠢᠭᠦᠷᠢ᠂ | ᠨᠠᠵᠠᠭᠠᠶᠢᠷᠠᠨ ᠢᠯᠵᠠᠷᠠᠬᠤ ᠲᠦᠭᠰᠢᠭᠦᠷᠢ ᠤᠷᠳᠤ ᠬᠤᠭᠤᠴᠠᠭᠠ ᠪᠠᠷ ᠣᠷᠣᠰᠢᠬᠤ ᠪᠣᠯᠣᠨᠠ᠃ ᠪᠦᠭᠦ ᠨᠠᠮ ᠢᠶᠠᠷ ᠢᠶᠠᠨ ᠡᠷᠬᠡᠪᠰᠢ | ᠪᠦᠭᠦ ᠲᠠᠯᠠ ᠪᠠᠷ ᠨᠠᠮ ᠢ ᠴᠢᠩᠭᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶᠡ ᠶᠢᠨ ᠬᠤᠪᠢᠰᠬᠠᠯ | ᠡᠭᠦᠷᠢᠳᠡ ᠵᠣᠭᠰᠣᠰᠢ ᠦᠭᠡᠢ ᠭᠡᠳᠡᠭ ᠢ ᠪᠠᠲᠤ ᠴᠡᠭᠡᠵᠢᠯᠡᠵᠦ᠂ ᠶᠠᠭᠠᠬᠢᠭᠰᠠᠨ ᠴᠤ ᠵᠣᠷᠢᠭ ᠮᠣᠬᠤᠬᠤ ᠦᠵᠡᠯ᠂ ᠬᠠᠯᠠᠰᠢᠷᠠᠬᠤ | ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡᠪᠰᠢ ᠪᠦᠭᠦ ᠲᠠᠯᠠ ᠪᠠᠷ ᠨᠠᠮ ᠢ ᠴᠢᠩᠭᠠ ᠵᠠᠰᠠᠬᠤ ᠶᠢ ᠴᠥᠬᠦᠷᠡᠰᠢ ᠦᠭᠡᠢ | ᠠᠬᠢᠭᠤᠯᠵᠤ᠂ ᠰᠢᠨᠡ ᠴᠠᠭ ᠦᠶᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨᠡ ᠢᠨᠵᠧᠨᠧᠷᠢᠩ ᠢ ᠭᠦᠨᠵᠡᠭᠡᠢ | ᠠᠬᠢᠭᠤᠯᠵᠤ᠂ ᠨᠠᠮ ᠤᠨ ᠥᠪᠡᠷ ᠪᠡᠶᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ | ᠬᠡᠷᠡᠭᠲᠡᠢ᠃ | ᠪᠢᠳᠡ ᠰᠢᠨᠡ ᠴᠠᠭ ᠦᠶᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭᠠ ᠶᠢ ᠨᠠᠶᠢᠳᠠᠪᠤᠷᠢᠵᠢᠭᠤᠯᠵᠤ᠂ | ᠪᠦᠭᠦ ᠲᠠᠯᠠ ᠪᠠᠷ ᠨᠠᠮ ᠢ ᠴᠢᠩᠭᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯᠠ ᠪᠠᠷ | ᠠᠬᠢᠭᠤᠯᠵᠤ᠂ ᠮᠠᠨ ᠤ ᠨᠠᠮ ᠢᠶᠠᠨ ᠤᠭ ᠰᠠᠨᠠᠭᠠ ᠡᠭᠦᠷᠭᠡ ᠬᠠᠷᠢᠭᠤᠴᠠᠯᠭᠠ ᠪᠠᠨ ᠪᠠᠲᠤ ᠰᠠᠬᠢᠳᠠᠭ᠂ ᠢᠮᠠᠭᠲᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭᠠ ᠤᠳᠤᠷᠢᠳᠬᠤ ᠭᠤᠣᠯᠯᠠᠭᠴᠢ ᠪᠣᠯᠭᠠᠨᠠ᠃ | ︵ᠨᠢᠭᠡ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭᠠ ᠶᠢ ᠪᠠᠷᠢᠮᠲᠠᠯᠠᠬᠤ ᠪᠠ | ᠴᠢᠩᠭᠠᠳᠬᠠᠨᠠ᠃ ᠨᠠᠮ ᠤᠨ ᠤᠳᠤᠷᠢᠳᠤᠯᠭᠠ ᠪᠣᠯ ᠪᠦᠭᠦ ᠲᠠᠯᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ | ᠡᠷᠬᠡᠪᠰᠢ ᠪᠦᠭᠦ ᠲᠠᠯᠠ ᠪᠠᠷ᠂ ᠰᠢᠰᠲ᠋ᠧᠮ ᠲᠠᠢ᠂ ᠪᠦᠬᠦᠯᠢ ᠴᠣᠭᠴᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠦᠭᠦ ᠲᠠᠯᠠ ᠶᠢ | ᠶᠡᠷᠦᠩᠬᠡᠶᠢᠯᠡᠨ ᠡᠵᠡᠮᠳᠡᠬᠦ᠂ ᠡᠯᠡ ᠲᠠᠯᠠ ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ᠤᠯᠤᠰ ᠲᠦᠷᠦ ᠶᠢᠨ ᠵᠣᠭᠰᠣᠯᠲᠠ᠂ | ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷᠡ ᠨᠠᠮ ᠤᠨ ᠲᠥᠪ | ᠬᠤᠷᠢᠶᠠ ᠲᠠᠢ ᠳᠡᠭᠡᠳᠦ ᠬᠡᠮᠵᠢᠶᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠪᠦᠯᠬᠦᠮᠳᠡᠯ ᠨᠢᠭᠡᠳᠦᠯ ᠢ | ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭᠠ ᠲᠣᠭᠲᠠᠭᠠᠬᠤ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠵᠢᠯ ᠳᠠᠬᠢ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭᠠ ᠶᠢ ᠴᠢᠩᠭᠠᠳᠬᠠᠨᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠲᠥᠷᠥ ᠶᠢᠨ ᠰᠠᠬᠢᠯᠭᠠ ᠪᠠᠲᠤ ᠪᠣᠯᠣᠨ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ | ᠡᠯᠡ ᠱᠠᠲᠤᠨ ᠤ ᠨᠠᠮ ᠤᠨ ᠬᠤᠷᠢᠶᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ | ᠬᠠᠷᠢᠭᠤᠴᠠᠯᠭᠠ ᠶᠢ ᠨᠠᠶᠢᠳᠠᠪᠤᠷᠢᠵᠢᠭᠤᠯᠵᠤ᠂ ᠡᠯᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ | ᠭᠡᠰᠢᠭᠦᠨ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨᠡ᠃ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ | ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ ᠤᠨ | ᠶᠣᠰᠣ ᠶᠢ ᠲᠤᠭᠤᠰᠢᠯᠠᠭᠤᠯᠵᠤ᠂ ᠤᠳᠤᠷᠢᠳᠬᠤ ᠠᠷᠭᠠ ᠭᠡᠯᠪᠡᠷᠢ ᠶᠢᠨ ᠰᠢᠨᠡ ᠶᠢ ᠡᠭᠦᠳᠭᠦ ᠪᠠ ᠰᠠᠶᠢᠵᠢᠷᠠᠭᠤᠯᠵᠤ᠂ ᠨᠠᠮ ᠤᠨ | ᠴᠢᠭᠯᠡᠯ ᠢ ᠡᠵᠡᠮᠳᠡᠬᠦ᠂ ᠶᠡᠭᠡ ᠲᠠᠯᠠ ᠶᠢ ᠪᠣᠳᠣᠯᠬᠢᠯᠠᠬᠤ᠂ ᠲᠦᠷᠦ ᠶᠢᠨ ᠪᠣᠳᠣᠯᠭᠠ ᠲᠣᠭᠲᠠᠭᠠᠬᠤ᠂ ᠥᠭᠡᠷᠡᠴᠢᠯᠡᠯᠲᠡ ᠶᠢ | ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯᠡ ᠲᠠᠯᠠ ᠶᠢᠨ ᠬᠢᠨ ᠤ ᠢᠳᠡᠪᠬᠢᠵᠢᠯ ᠢ ᠲᠠᠶᠢᠴᠢᠯᠠᠨᠠ᠃ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ | ᠴᠢᠨᠠᠷ᠂ ᠲᠠᠶᠢᠴᠢᠨ ᠴᠢᠨᠠᠷ ᠢ ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ | ᠬᠡᠷᠡᠭᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨᠡ᠃ | ︵ᠬᠤᠶᠠᠷ︶ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨᠠ᠃ ᠨᠠᠮ ᠤᠨ | ᠰᠢᠨᠡ ᠶᠢ ᠡᠭᠦᠳᠭᠦ ᠤᠨᠤᠯ ᠢᠶᠠᠷ ᠪᠦᠭᠦ ᠨᠠᠮ ᠢ ᠵᠡᠪᠰᠡᠭᠯᠡᠬᠦ ᠪᠣᠯ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢᠨ | ᠦᠨᠳᠦᠰᠦᠨ ᠡᠭᠦᠷᠭᠡ ᠮᠥᠨ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠦᠭᠦ ᠲᠠᠯᠠ ᠪᠠᠷ ᠴᠢᠩᠭᠠᠳᠬᠠᠵᠤ᠂ | ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠ ᠪᠠᠷ ᠦᠵᠡᠯ | ᠰᠠᠨᠠᠭᠠ ᠶᠢ ᠨᠢᠭᠡᠳᠬᠡᠬᠦ᠂ ᠵᠣᠷᠢᠭ ᠰᠠᠨᠠᠭᠠ ᠶᠢ ᠨᠢᠭᠡᠳᠬᠡᠬᠦ᠂ ᠦᠢᠯᠡ ᠠᠵᠢᠯᠯᠠᠭᠠ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ | ᠰᠢᠨᠡ ᠶᠢ ᠡᠭᠦᠳᠭᠦ ᠤᠨᠤᠯ ᠤᠨ ᠰᠤᠷᠤᠯᠴᠠᠯᠭᠠ ᠬᠥᠮᠦᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠠᠷᠺᠰ ᠤᠨ ᠦᠵᠡᠯ ᠤᠨ ᠰᠤᠷᠤᠯᠴᠠᠬᠤ ᠭᠡᠯᠪᠡᠷᠢ ᠶᠢᠨ ᠲᠦᠷᠦ ᠶᠢᠨ ᠨᠠᠮ ᠢ ᠪᠠᠶᠢᠭᠤᠯᠤᠨᠠ᠃ ᠬᠦᠰᠡᠯᠡᠩ ᠢᠲᠡᠭᠡᠯ | ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠪᠦᠭᠦ ᠨᠠᠮ ᠢᠶᠠᠷ ᠢᠶᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ | ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠡᠨᠡ ᠬᠦ ᠶᠡᠷᠦᠩᠬᠡᠢ ᠨᠡᠭᠡᠭᠡᠯᠭᠡ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭᠠ ᠠᠴᠠ ᠪᠠᠨ ᠡᠪ ᠬᠠᠮᠲᠤ ᠶᠣᠰᠣᠨ ᠤ ᠠᠯᠤᠰ ᠭᠡᠳᠦ ᠶᠢᠨ | ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭᠠ | ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠶᠢ ᠬᠥᠲᠥᠯᠥᠨ ᠵᠢᠯᠣᠭᠤᠳᠤᠨᠠ᠃ ᠰᠤᠷᠤᠯᠴᠠᠬᠤ | ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢᠨᠡ ᠴᠠᠭ | ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠ ᠶᠢ ᠬᠦᠰᠡᠯᠡᠩ ᠢ ᠪᠠᠲᠤᠳᠬᠠᠬᠤ᠂ | ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ | ᠶᠡᠭᠡ ᠬᠦᠴᠦᠨ ᠪᠣᠯᠭᠠᠨ ᠬᠤᠪᠢᠷᠠᠭᠤᠯᠤᠨᠠ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ ᠰᠤᠷᠤᠯᠴᠠᠯᠭᠠ | ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭᠠ ᠪᠠᠷ ᠪᠦᠲᠦᠮᠵᠢᠲᠡᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ | ᠭᠡᠰᠢᠭᠦᠨ᠂ ᠺᠠᠳ᠋ᠷᠴᠤᠳ ᠤᠨ ᠲᠡᠦᠬᠡ ᠶᠢ ᠰᠤᠷᠤᠯᠴᠠᠨ ᠶᠣᠰᠣ ᠶᠢ ᠣᠶᠢᠯᠠᠭᠠᠬᠤ᠂ ᠲᠡᠦᠬᠡ ᠶᠢ ᠰᠤᠷᠤᠯᠴᠠᠨ ᠢᠲᠡᠭᠡᠯ ᠢᠶᠠᠨ | ᠨᠡᠮᠡᠭᠳᠡᠭᠦᠯᠬᠦ᠂ ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠨ ᠬᠦᠴᠦᠯᠡᠨ | ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ | ᠰᠤᠳᠠᠰᠤ ᠶᠢ ᠦᠷᠭᠦᠯᠵᠢᠯᠡᠭᠦᠯᠦᠨᠡ᠃ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭᠠ | ᠪᠤᠯᠭᠠᠵᠤ ᠪᠦᠭᠦ ᠨᠠᠮ ᠳᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠨᠡ᠃ | ︵ᠭᠤᠷᠪᠠ︶ ᠨᠠᠮ ᠤᠨ ᠥᠪᠡᠷ ᠪᠡᠶᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ | ᠲᠡᠭᠦᠯᠳᠡᠷᠵᠢᠭᠦᠯᠦᠨᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ | ᠳᠦᠷᠢᠮ ᠢᠶᠠᠷ ᠦᠨᠳᠦᠰᠦ ᠪᠤᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠪᠠᠷ ᠭᠤᠣᠯ ᠪᠤᠯᠭᠠᠵᠤ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠤᠨ ᠡᠷᠬᠡ ᠰᠦᠷᠲᠦ ᠴᠢᠨᠠᠷ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠦᠨᠡᠨ ᠶᠣᠰᠣ ᠶᠢ | ᠪᠠᠷᠢᠮᠲᠠᠯᠠᠬᠤ᠂ ᠠᠯᠳᠠᠭᠠ ᠪᠤᠷᠤᠭᠤ ᠪᠠᠨ ᠵᠠᠯᠠᠷᠠᠭᠤᠯᠬᠤ᠂ ᠠᠰᠠᠭᠤᠳᠠᠯ ᠢ ᠢᠯᠡᠷᠡᠭᠦᠯᠭᠦ᠂ ᠵᠥᠷᠢᠶᠡ ᠪᠠᠨ ᠵᠠᠯᠠᠷᠠᠭᠤᠯᠬᠤ | ᠲᠣᠭᠲᠠᠴᠠ ᠶᠢ ᠪᠦᠷᠢᠯᠳᠦᠭᠦᠯᠦᠨᠡ᠃ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠦᠭᠦ ᠲᠠᠯᠠ ᠶᠢ ᠬᠠᠮᠤᠷᠤᠭᠰᠠᠨ᠂ ᠡᠷᠬᠡ | ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ ᠡᠷᠬᠡ ᠳᠤ ᠬᠢᠨᠠᠯᠲᠠ ᠲᠠᠯᠪᠢᠬᠤ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ | ᠪᠤᠯᠭᠠᠵᠤ᠂ ᠡᠯᠡ ᠲᠦᠷᠦᠯ ᠤᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠤᠨ᠂ ᠡᠷᠬᠡ ᠶᠢ ᠢᠯᠡ | ᠲᠣᠳᠣ ᠬᠡᠷᠡᠭᠵᠢᠭᠦᠯᠬᠦ ᠪᠣᠯᠭᠠᠨᠠ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠣᠨᠣᠴᠠᠲᠠᠢ | ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ | ᠪᠣᠳᠠᠲᠤ ᠦᠷᠡ ᠪᠦᠲᠦᠮᠵᠢ ᠶᠢ ᠨᠡᠮᠡᠭᠳᠡᠭᠦᠯᠦᠨᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ | ᠰᠡᠯᠡᠮᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨᠠ᠃ ᠪᠦᠭᠦ ᠲᠠᠯᠠ ᠪᠠᠷ ᠨᠠᠮ ᠢ ᠴᠢᠩᠭᠠ ᠵᠠᠰᠠᠬᠤ ᠤᠯᠤᠰ ᠲᠦᠷᠦ ᠶᠢᠨ | ᠬᠠᠷᠢᠭᠤᠴᠠᠯᠭᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠨᠡ᠃ | ︵ᠳᠥᠷᠪᠡ︶ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ | ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠤᠨᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ | ᠪᠦᠲᠦᠭᠡᠨ ᠪᠠᠶᠢᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯᠠ ᠪᠠᠷ ᠪᠠᠲᠤ ᠴᠢᠩᠭᠠ᠂ ᠰᠢᠨᠡ ᠴᠠᠭ ᠦᠶᠡ ᠶᠢᠨ | ᠱᠠᠭᠠᠷᠳᠠᠯᠭᠠ ᠳᠤ ᠵᠣᠬᠢᠴᠠᠭᠰᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ | ᠺᠠᠳ᠋ᠷ ᠤᠨ ᠡᠩᠨᠡᠭᠡ ᠪᠠᠶᠢᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠮᠣᠷᠠᠯ ᠴᠢᠳᠠᠪᠤᠷᠢ ᠶᠢ | ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠯᠠ ᠲᠠᠯᠠ ᠶᠢᠨ ᠡᠷᠳᠡᠮᠲᠡᠨ ᠴᠢᠳᠠᠪᠤᠷᠢᠲᠠᠨ ᠢ ᠰᠣᠩᠭᠤᠬᠤ᠂ | ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠨ᠂ ᠰᠢᠨᠡ ᠴᠠᠭ ᠦᠶᠡ ᠶᠢᠨ ᠰᠠᠶᠢᠨ ᠺᠠᠳ᠋ᠷ ᠤᠨ ᠪᠠᠷᠢᠮᠵᠢᠶᠠ ᠶᠢ | ᠪᠣᠳᠠᠲᠠᠢ ᠳᠤ ᠨᠠᠶᠢᠳᠠᠪᠤᠷᠢᠵᠢᠭᠤᠯᠤᠨᠠ᠃ ᠬᠥᠮᠥᠨ ᠰᠣᠩᠭᠤᠬᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠤᠯᠭᠠᠵᠤ᠂ | ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ | ᠺᠠᠳ᠋ᠷ ᠢ ᠰᠢᠯᠢᠨ ᠳᠡᠪᠰᠢᠭᠦᠯᠵᠦ᠂ ᠡᠯᠡ ᠱᠠᠲᠤᠨ ᠤ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ | ᠲᠣᠬᠢᠷᠠᠭᠤᠯᠤᠨᠠ᠃ ᠤᠯᠤᠰ ᠲᠦᠷᠦ ᠶᠢᠨ ᠪᠠᠷᠢᠮᠵᠢᠶᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ ᠪᠠᠶᠢᠴᠠᠭᠠᠯᠲᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠤᠯᠤᠰ | ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠲᠣᠪᠤᠶᠢᠯᠭᠠᠨ ᠰᠠᠶᠢᠲᠤᠷ ᠠᠳᠬᠤᠨᠠ᠃ | ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠬᠤᠯᠠ ᠶᠡᠭᠡ ᠲᠡᠮᠡᠴᠡᠯ ᠤᠨ | ᠳᠤᠮᠳᠠ ᠺᠠᠳ᠋ᠷ ᠢ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠴᠢᠳᠠᠪᠤᠷᠢ ᠶᠢ ᠳᠡᠭᠡᠭᠰᠢᠯᠡᠭᠦᠯᠦᠨᠡ᠃ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭᠠ ᠪᠠ ᠲᠡᠮᠡᠴᠡᠯ ᠤᠨ ᠡᠷᠳᠡᠮ | ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠤᠭᠲᠤᠬᠤ᠂ | ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠲᠦᠷᠦᠭᠦᠯᠡᠨ ᠬᠠᠷᠢᠭᠤᠴᠠᠯᠭᠠ ᠡᠭᠦᠷᠭᠡᠯᠡᠵᠦ ᠵᠢᠳᠬᠦᠯ | ᠴᠢᠷᠮᠠᠶᠢᠯᠭᠠ ᠭᠠᠷᠭᠠᠵᠤ᠂ ᠡᠩ ᠤᠨ ᠦᠶᠡ ᠳᠤ ᠦᠵᠡᠵᠦ ᠭᠠᠷᠴᠤ ᠲᠡᠶᠢᠯᠭᠦ᠂ ᠵᠠᠩᠭᠢᠯᠠᠭᠠ ᠶᠢᠨ ᠦᠶᠡ ᠳᠤ ᠢᠲᠡᠭᠡᠮᠵᠢᠲᠡᠢ | ᠪᠠᠶᠢᠬᠤ᠂ ᠠᠶᠤᠯ ᠲᠦᠭᠰᠢᠭᠦᠷᠢᠲᠡᠢ ᠦᠶᠡ ᠳᠤ ᠠᠮᠢ ᠴᠦᠯᠡᠨ ᠲᠡᠮᠡᠴᠡᠬᠦ ᠪᠣᠯᠭᠠᠨᠠ᠃ ᠺᠠᠳ᠋ᠷ ᠢ ᠬᠢᠨᠠᠨ ᠰᠢᠯᠭᠠᠵᠤ ᠦᠨᠡᠯᠡᠭᠦ | ᠰᠢᠰᠲ᠋ᠧᠮ ᠢ ᠲᠡᠭᠦᠯᠳᠡᠷᠵᠢᠭᠦᠯᠵᠦ᠂ ᠺᠠᠳ᠋ᠷᠴᠤᠳ ᠢ ᠬᠥᠲᠥᠯᠥᠨ ᠵᠢᠯᠤᠭᠤᠳᠴᠤ᠂ ᠠᠵᠢᠯ ᠤᠨ ᠪᠦᠲᠦᠮᠵᠢ ᠶᠢᠨ ᠲᠤᠬᠠᠢ ᠵᠥᠪ | ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠺᠠᠳ᠋ᠷ ᠢ ᠳᠡᠪᠰᠢᠭᠦᠯᠵᠦ ᠪᠠᠭᠤᠯᠭᠠᠵᠤ ᠪᠦᠷ ᠪᠤᠯᠬᠤ ᠶᠢ ᠠᠬᠢᠭᠤᠯᠵᠤ | ᠂ ᠴᠢᠳᠠᠪᠤᠷᠢ ᠲᠠᠢ ᠶᠢ ᠨᠢ ᠳᠡᠪᠰᠢᠭᠦᠯᠭᠦ᠂ ᠰᠢᠯᠢᠳᠡᠭ ᠢ ᠨᠢ ᠱᠠᠩᠨᠠᠬᠤ᠂ ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ | ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨᠠ᠃ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ | ᠪᠣᠳᠣᠯᠭᠠ ᠶᠢ ᠰᠠᠶᠢᠲᠤᠷ ᠠᠳᠬᠤᠵᠤ᠂ ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠵᠦ ᠰᠢᠯᠢᠨ ᠳᠡᠪᠰᠢᠭᠦᠯᠭᠦ | ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠪᠡᠷᠬᠡ ᠬᠠᠲᠠᠭᠤᠵᠢᠯᠲᠠᠢ | ᠭᠠᠵᠠᠷ ᠣᠷᠣᠨ ᠳᠤ ᠣᠴᠢᠵᠤ ᠳᠠᠪᠲᠠᠨ ᠪᠤᠯᠪᠠᠰᠤᠷᠠᠭᠤᠯᠬᠤ ᠶᠢ ᠵᠠᠯᠠᠭᠤ ᠺᠠᠳ᠋ᠷᠴᠤᠳ ᠢ ᠬᠥᠮᠥᠵᠢᠭᠦᠯᠬᠦ ᠴᠢᠬᠤᠯᠠ ᠠᠷᠭᠠ ᠵᠠᠮ | ᠪᠣᠯᠭᠠᠨᠠ᠃ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠭᠦ ᠠᠵᠢᠯ ᠢ ᠴᠢᠬᠤᠯᠠᠴᠢᠯᠠᠵᠤ᠂ ᠡᠮᠡᠭᠲᠡᠢ ᠺᠠᠳ᠋ᠷ ᠤᠨ | ᠴᠢᠬᠤᠯᠠ ᠦᠢᠯᠡᠳᠦᠯ ᠢ ᠪᠠᠳᠠᠷᠠᠭᠤᠯᠤᠨᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ | ᠬᠡᠷᠡᠭᠯᠡᠬᠦ ᠶᠢ ᠴᠢᠬᠤᠯᠠᠴᠢᠯᠠᠵᠤ᠂ ᠨᠠᠮ ᠤᠨ ᠭᠠᠳᠠᠨᠠᠬᠢ ᠺᠠᠳ᠋ᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ ᠰᠠᠶᠢᠲᠤᠷ ᠬᠢᠨᠡ᠃ | ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠨᠡ᠃ ᠠᠯᠪᠠᠲᠠᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠶᠢᠭᠤᠯᠤᠮᠵᠢ ᠶᠢᠨ ᠣᠷᠣᠨ ᠲᠤᠭᠠ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨᠡ᠃ ᠴᠢᠩᠭᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠺᠠᠳ᠋ᠷᠴᠤᠳ ᠢ ᠪᠦᠭᠦ ᠲᠠᠯᠠ ᠪᠠᠷ ᠬᠠᠮᠢᠶᠠᠷᠬᠤ ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ | ᠴᠢᠩᠭᠠᠳᠬᠠᠵᠤ᠂ ︽ᠭᠤᠷᠪᠠ ᠶᠢ ᠰᠠᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠣᠷᠢᠭᠲᠠᠢ ᠪᠠᠷ | ᠬᠠᠷᠢᠭᠤᠴᠠᠯᠭᠠ ᠡᠭᠦᠷᠭᠡᠯᠡᠬᠦ᠂ ᠢᠳᠡᠪᠬᠢᠲᠡᠢ ᠪᠠᠷ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠤᠨᠠ᠃ | ᠦᠨᠳᠦᠰᠦᠨ ᠱᠠᠲᠤᠨ ᠤ ᠺᠠᠳ᠋ᠷ ᠢᠯᠠᠩᠭᠤᠶᠠ ᠬᠠᠲᠠᠭᠤᠵᠢᠯᠲᠠᠢ ᠭᠠᠵᠠᠷ ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠨᠠ᠃ | | ︵ᠲᠠᠪᠤ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨᠠ᠃ ᠨᠢᠭᠲᠠ ᠴᠢᠩᠭᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯ | ᠨᠠᠮ ᠤᠨ ᠳᠠᠪᠠᠭᠤᠯᠢᠭ ᠪᠠ ᠬᠦᠴᠦᠨ ᠴᠢᠳᠠᠯ ᠮᠥᠨ᠃ ᠡᠯᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ | ᠳᠦᠷᠢᠮ ᠳᠤ ᠣᠯᠭᠤᠭᠰᠠᠨ ᠡᠯᠡ ᠵᠦᠢᠯ ᠤᠨ ᠲᠤᠰᠢᠶᠠᠯ ᠬᠠᠷᠢᠭᠤᠴᠠᠯᠭᠠ ᠪᠠᠨ ᠭᠦᠢᠴᠡᠳᠬᠡᠵᠦ᠂ ᠨᠠᠮ ᠤᠨ ᠱᠤᠭᠤᠮ | ᠴᠢᠭᠯᠡᠯᠲᠡ ᠲᠦᠷᠦ ᠶᠢᠨ ᠪᠣᠳᠣᠯᠭᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭᠠ ᠪᠠᠶᠢᠷᠢᠯᠠᠭᠤᠯᠤᠯᠲᠠ ᠶᠢ | ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯᠡ ᠬᠦᠷᠢᠶᠡᠨ ᠤ ᠥᠷᠭᠡᠨ ᠤᠯᠠᠨ ᠲᠦᠮᠡᠨ ᠢ ᠵᠣᠬᠢᠶᠠᠨ | ᠪᠠᠶᠢᠭᠤᠯᠤᠨ ᠰᠠᠶᠢᠲᠤᠷ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠬᠤᠳᠠ ᠶᠢᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ | ᠠᠬᠢᠭᠤᠯᠵᠤ᠂ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ | ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭᠠ ᠶᠢ | ᠪᠦᠲᠦᠮᠵᠢᠲᠡᠢ ᠪᠡᠶᠡᠯᠡᠭᠦᠯᠬᠦ ᠪᠠᠲᠤ ᠴᠢᠩᠭᠠ ᠲᠠᠶᠢᠴᠢᠨ ᠪᠠᠬᠢᠯᠡᠯᠲᠡ ᠪᠣᠯᠭᠠᠨ ᠴᠣᠭᠴᠠᠯᠠᠨᠠ᠃ ᠪᠠᠶᠢᠭᠤᠯᠭᠠ ᠶᠢᠨ ᠨᠠᠮ ᠤᠨ | ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯᠠ ᠪᠠᠷ ᠳᠡᠭᠡᠭᠰᠢᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠠᠬᠢᠭᠤᠯᠤᠨᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ | ᠠᠵᠤ ᠠᠬᠤᠶᠢᠯᠠᠯ ᠤᠨ ᠬᠢᠨ ᠤ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ ᠤᠳᠤᠷᠢᠳᠤᠯᠭᠠ ᠶᠢ | ᠴᠢᠩᠭᠠᠳᠬᠠᠬᠤ ᠶᠢ ᠠᠬᠢᠭᠤᠯᠵᠤ᠂ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠠᠵᠢᠯ ᠲᠦᠷᠦᠯ ᠤᠨ ᠨᠡᠶᠢᠭᠡᠮᠯᠢᠭ᠂ | ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠨᠠ᠃ ᠰᠢᠨᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨᠡ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠨᠠ᠃ ᠵᠠᠯᠠᠭᠤᠴᠤᠳ ᠪᠠ ᠠᠵᠤ ᠦᠢᠯᠡᠰ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠤ ᠳᠣᠲᠣᠷᠠ ᠠᠴᠠ | ᠨᠠᠮ ᠤᠨ ᠭᠡᠰᠢᠭᠦᠨ ᠡᠯᠰᠡᠭᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠢᠯᠠᠩᠭᠤᠶᠠ ᠨᠡᠭᠦᠳᠡᠯ ᠨᠠᠮ ᠤᠨ ᠭᠡᠰᠢᠭᠦᠨ ᠤ | ᠬᠥᠮᠦᠵᠢᠯ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨᠠ᠃ ᠨᠠᠮ ᠤᠨ ᠳᠣᠲᠣᠭᠠᠳᠤ ᠶᠢᠨ ᠠᠷᠠᠳᠴᠢᠯᠠᠯ ᠤᠨ | ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠡᠷᠬᠡ ᠶᠢ ᠪᠠᠲᠤᠯᠠᠨ᠂ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨᠠ᠃ ᠬᠢᠷᠢ ᠲᠡᠩᠴᠡᠭᠦ ᠦᠭᠡᠢ ᠨᠠᠮ ᠤᠨ ᠭᠡᠰᠢᠭᠦᠨ ᠢ ᠲᠥᠪ | ᠴᠢᠩᠭᠠ ᠲᠣᠬᠢᠲᠠᠢ ᠰᠢᠢᠳᠪᠦᠷᠢᠯᠡᠵᠦ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ | ᠪᠠᠲᠤᠯᠠᠨᠠ᠃ | ︵ᠵᠢᠷᠭᠤᠭᠠ︶ ᠲᠥᠪ ᠴᠢᠩᠭᠠ ᠦᠨᠳᠦᠰᠦᠨ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭᠠ ᠪᠠᠲᠤ ᠶᠢ | ᠴᠢᠩᠳᠠᠯᠠᠬᠤ ᠶᠢ ᠪᠠᠷᠢᠮᠲᠠᠯᠠᠨᠠ᠃ ᠨᠠᠮ ᠤᠨ ᠰᠤᠷᠲᠠᠯ ᠤᠨ ᠠᠰᠠᠭᠤᠳᠠᠯ ᠪᠣᠯ ᠲᠦᠷᠦ ᠪᠠᠷᠢᠭᠴᠢ ᠨᠠᠮ ᠤᠨ ᠮᠠᠨᠳᠤᠵᠤ | ᠮᠥᠭᠦᠭᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ | ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶᠠ ᠤᠳᠤᠷᠢᠳᠬᠤ ᠺᠠᠳ᠋ᠷᠴᠤᠳ ᠤᠨ ᠪᠡᠶᠡ ᠪᠠᠷ ᠢᠶᠠᠨ ᠲᠦᠷᠦᠭᠦᠯᠡᠨ | ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠪᠣᠳᠠᠲᠠᠢ ᠠᠵᠢᠯᠯᠠᠬᠤ᠂ ᠪᠣᠳᠠᠲᠠᠢ ᠠᠷᠭᠠ ᠰᠦᠪᠡᠭᠴᠢᠯᠡᠬᠦ᠂ ᠪᠣᠳᠠᠲᠠᠢ ᠦᠷᠡ | ᠪᠦᠲᠦᠮᠵᠢ ᠭᠠᠷᠭᠠᠬᠤ ᠶᠢ ᠠᠬᠢᠭᠤᠯᠤᠨᠠ᠃ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠵᠠᠩᠭᠢᠯᠠᠭᠠ ᠶᠢᠨ ᠴᠥᠭᠡᠨ ᠲᠣᠭᠠᠲᠠᠨ︾ ᠢ ᠠᠳᠬᠤᠨ᠂ ᠳᠡᠭᠡᠷᠡ ᠱᠠᠲᠤ ᠨᠢ | ᠳᠣᠣᠷᠠ ᠱᠠᠲᠤ ᠪᠠᠨ ᠳᠠᠭᠠᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭᠠ ᠲᠠᠢ ᠵᠠᠯᠠᠷᠠᠭᠤᠯᠤᠨ ᠵᠠᠰᠠᠵᠤ᠂ ᠣᠨᠴᠠ | ᠡᠷᠬᠡ ᠶᠢᠨ ᠦᠵᠡᠯ ᠰᠠᠨᠠᠭᠠ ᠪᠣᠯᠣᠨ ᠣᠨᠴᠠ ᠡᠷᠬᠡ ᠶᠢᠨ ᠠᠵᠢᠯᠯᠠᠭᠠ ᠶᠢ ᠡᠷᠡᠰ ᠠᠷᠢᠯᠭᠠᠨᠠ᠃ ᠰᠤᠷᠲᠠᠯ ᠤᠨ | ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠱᠠᠲᠤᠴᠢ ᠴᠢᠨᠠᠷᠲᠠᠢ ᠣᠨᠴᠠᠯᠢᠭ ᠢ | ᠡᠵᠡᠮᠳᠡᠵᠦ᠂ ᠨᠡᠶᠢᠳᠡᠮ ᠡᠭᠦᠰᠭᠦ᠂ ᠲᠠᠭᠢᠨ ᠳᠠᠪᠲᠠᠨ ᠢᠯᠡᠷᠡᠭᠦ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭᠠ ᠪᠦᠲᠦᠮᠵᠢᠲᠡᠢ ᠪᠠᠶᠢᠬᠤ ᠶᠢ ᠠᠬᠢᠭᠤᠯᠤᠨᠠ᠃ | ᠨᠠᠮ ᠤᠨ ᠰᠠᠬᠢᠯᠭᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯᠠ ᠪᠠᠷ ᠴᠢᠩᠭᠠᠳᠬᠠᠵᠤ᠂ ᠤᠳᠤᠷᠢᠳᠬᠤ ᠺᠠᠳ᠋ᠷᠴᠤᠳ | ᠢᠯᠠᠩᠭᠤᠶᠠ ᠳᠡᠭᠡᠳᠦ ᠲᠡᠰ ᠤᠨ ᠺᠠᠳ᠋ᠷᠴᠤᠳ ᠤᠨ ᠪᠡᠶᠡ ᠪᠠᠨ ᠴᠢᠩᠭᠠ ᠱᠠᠭᠠᠷᠳᠠᠬᠤ᠂ ᠬᠠᠷᠢᠭᠤᠴᠠᠯᠭᠠ ᠪᠠᠨ ᠴᠢᠩᠭᠠ | ᠭᠦᠢᠴᠡᠳᠬᠡᠬᠦ᠂ ᠬᠠᠷᠢᠶᠠᠨ ᠳᠣᠲᠣᠷᠠᠬᠢ ᠪᠠᠨ ᠴᠢᠩᠭᠠ ᠬᠠᠮᠢᠶᠠᠷᠬᠤ ᠶᠢ ᠱᠠᠯᠠᠪᠳᠠᠭᠤᠯᠵᠤ᠂ ᠨᠠᠮ ᠤᠨ ᠰᠠᠬᠢᠯᠭᠠ ᠠᠴᠠ | ᠵᠥᠷᠢᠴᠡᠭᠰᠡᠨ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠨᠡ᠃ ᠨᠠᠮᠴᠢ ᠴᠢᠨᠠᠷ | ᠨᠠᠮ ᠤᠨ ᠰᠤᠷᠲᠠᠯ ᠨᠠᠮ ᠤᠨ ᠰᠠᠬᠢᠯᠭᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯᠠ ᠪᠠᠷ | ᠦᠨᠳᠦᠰᠦ ᠰᠠᠭᠤᠷᠢ ᠶᠢ ᠪᠠᠬᠢᠵᠢᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠦᠨ᠂ ᠢᠯᠵᠠᠷᠠᠯ ᠢ ᠡᠰᠡᠷᠭᠦᠴᠡᠵᠦ | ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠶᠠᠨ ᠡᠷᠬᠢᠮ ᠳᠤ ᠰᠢᠨᠤᠬᠠᠶᠢᠷᠠᠬᠤ ᠦᠭᠡᠢ᠂ ᠶᠠᠳᠠᠭᠤ | ᠳᠣᠣᠷᠠᠳᠤ ᠳᠠᠭᠠᠨ ᠵᠣᠷᠢᠭ ᠮᠣᠬᠤᠬᠤ ᠦᠭᠡᠢ᠂ ᠡᠷᠬᠡ ᠰᠦᠷ ᠲᠤ ᠡᠪᠦᠳᠦᠭ ᠨᠤᠭᠤᠷᠠᠬᠤ ᠦᠭᠡᠢ ᠲᠥᠪ ᠰᠤᠷᠲᠠᠯ ᠢ ᠪᠤᠢ | ᠪᠣᠯᠭᠠᠨᠠ᠃ | ︵ᠲᠤᠯᠤᠭᠠ︶ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ | ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠳᠤ ᠵᠠᠪᠠᠯ ᠢᠯᠠᠯᠲᠠ ᠣᠯᠣᠨᠠ᠃ ᠢᠯᠵᠠᠷᠠᠯ ᠪᠣᠯ ᠨᠠᠮ ᠤᠨ ᠠᠮᠢᠵᠢᠷᠠᠯ ᠤᠨ | ᠬᠦᠴᠦᠨ ᠪᠣᠯᠣᠨ ᠲᠠᠶᠢᠴᠢᠨ ᠬᠦᠴᠦᠨ ᠳᠤ ᠬᠤᠣᠷ ᠬᠥᠨᠥᠭᠡᠯ ᠤᠴᠠᠷᠠᠭᠤᠯᠬᠤ ᠬᠠᠮᠤᠭ ᠤᠨ ᠶᠡᠭᠡ ᠬᠤᠣᠷᠲᠤ ᠬᠠᠪᠤᠳᠠᠷ ᠮᠥᠨ | ᠂ ᠢᠯᠵᠠᠷᠠᠯ ᠢ ᠡᠰᠡᠷᠭᠦᠴᠡᠬᠦ ᠪᠣᠯ ᠥᠪᠡᠷ ᠤᠨ ᠪᠡᠶᠡ ᠳᠡᠭᠡᠨ ᠬᠢᠬᠦ ᠬᠠᠮᠤᠭ ᠤᠨ ᠲᠦᠢᠯᠪᠤᠷᠢᠲᠠᠢ ᠬᠤᠪᠢᠰᠬᠠᠯ ᠮᠥᠨ᠃ | ᠢᠯᠵᠠᠷᠠᠯ ᠤᠨ ᠠᠰᠠᠭᠤᠳᠠᠯ ᠡᠭᠦᠰᠭᠦ ᠬᠥᠷᠥᠰᠥ ᠪᠠ ᠨᠥᠬᠦᠴᠡᠯ ᠣᠷᠣᠰᠢᠵᠤ ᠯᠡ ᠪᠠᠶᠢᠪᠠᠯ ᠢᠯᠵᠠᠷᠠᠯ ᠢ ᠡᠰᠡᠷᠭᠦᠴᠡᠬᠦ ᠲᠡᠮᠡᠴᠡᠯ ᠢ | ᠨᠢᠭᠡ ᠮᠥᠴᠡ ᠴᠦ ᠵᠣᠭᠰᠤᠭᠠᠬᠤ ᠦᠭᠡᠢ᠂ ᠳᠠᠭᠠᠷᠢᠯᠲᠠ ᠶᠢᠨ ᠪᠦᠷᠢᠶᠡ ᠶᠢ ᠢᠮᠠᠭᠲᠠ ᠬᠠᠩᠭᠢᠨᠠᠭᠤᠯᠬᠤ ᠬᠡᠷᠡᠭᠲᠡᠢ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ | ᠶᠡᠷᠦᠩᠬᠡᠶᠢᠯᠡᠨ ᠬᠦᠴᠦᠯᠡᠬᠦ ᠬᠡᠷᠡᠭᠲᠡᠢ᠃ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ | ᠮᠠᠭᠤᠬᠠᠢ ᠶᠢ ᠵᠠᠯᠬᠠᠭᠠᠵᠤ᠂ ᠨᠡᠮᠡᠭᠳᠡᠯ ᠢ ᠨᠡᠩ ᠬᠦᠴᠦᠲᠡᠢ ᠬᠤᠷᠢᠭᠯᠠᠨ᠂ ᠬᠠᠳᠠᠭᠠᠯᠠᠯᠲᠠ ᠶᠢᠨ ᠬᠡᠮᠵᠢᠶᠡ ᠶᠢ ᠨᠡᠩ | ᠪᠦᠲᠦᠮᠵᠢᠲᠡᠢ ᠪᠠᠷ ᠠᠷᠢᠯᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ | ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ ᠠᠰᠢᠭ ᠲᠤᠰᠠ ᠶᠢᠨ ᠪᠦᠯᠦᠭᠯᠡᠯ ᠪᠠ ᠡᠷᠬᠡ | ᠰᠦᠷᠲᠦ ᠪᠦᠯᠭᠦᠮ ᠤᠨ ᠣᠷᠣᠯᠠᠨ ᠥᠭᠦᠯᠡᠭᠴᠢ᠂ ᠣᠷᠣᠯᠠᠭᠴᠢ ᠪᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠵᠠᠰᠠᠭ ᠤᠨ | ᠣᠷᠳᠣᠨ ᠪᠠ ᠬᠤᠳᠠᠯᠳᠤᠭᠠᠴᠢᠨ ᠰᠦᠯᠪᠡᠭᠡᠯᠳᠤᠨ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠭᠰᠡᠨ ᠠᠰᠠᠭᠤᠳᠠᠯ ᠢ ᠡᠷᠡᠰ ᠵᠠᠰᠠᠨᠠ᠂ ᠤᠬᠳᠤ ᠢᠯᠳᠠᠷ ᠬᠠᠶᠠᠬᠤ ᠦᠭᠡᠢ᠃ | ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭᠠ︾ ᠶᠢ ᠡᠷᠡᠰ ᠵᠠᠯᠬᠠᠭᠠᠨ ᠰᠢᠢᠳᠬᠡᠵᠦ᠂ | ᠤᠳᠤᠷᠢᠳᠬᠤ ᠺᠠᠳ᠋ᠷᠴᠤᠳ ᠤᠨ ᠬᠠᠨᠢ ᠨᠥᠬᠦᠷ᠂ ᠦᠷᠡ ᠬᠡᠦᠬᠡᠳ ᠵᠢᠴᠢ ᠲᠡᠳᠡᠨ ᠤ ᠬᠠᠨᠢ ᠨᠥᠬᠦᠷ ᠵᠡᠷᠭᠡ ᠲᠦᠷᠦᠯ ᠰᠠᠳᠤᠨ | ᠪᠠ ᠳᠡᠷᠭᠡᠳᠡᠬᠢ ᠠᠵᠢᠯᠲᠠᠨ ᠤ ᠨᠥᠯᠥᠭᠡᠯᠡᠬᠦ ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠵᠤ ᠢᠯᠵᠠᠷᠠᠨ | ᠳᠣᠷᠦ᠋ᠢᠲᠠᠭᠰᠠᠨ ᠠᠰᠠᠭᠤᠳᠠᠯ ᠢ ᠴᠢᠩᠭᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠭᠢᠭᠦ ᠶᠢ | ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠰᠢᠨᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ | ᠰᠢᠢᠳᠬᠡᠨᠡ᠃ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭᠠ ᠶᠢ ᠭᠦᠨᠵᠡᠭᠡᠶᠢᠷᠡᠭᠦᠯᠵᠦ᠂ ᠣᠷᠭᠤᠳᠠᠯ | ᠶᠠᠯᠠᠳᠠᠨ ᠢ ᠨᠡᠬᠡᠮᠵᠢᠯᠡᠬᠦ ᠤᠷᠭᠤᠨ ᠳᠤᠲᠠᠭᠠᠬᠤ ᠶᠢ ᠰᠡᠷᠭᠡᠶᠢᠯᠡᠬᠦ ᠱᠠᠮᠰᠢᠭᠰᠠᠨ ᠡᠳ᠋ ᠢ ᠨᠡᠬᠡᠮᠵᠢᠯᠡᠬᠦ ᠲᠣᠭᠲᠠᠴᠠ ᠶᠢ ᠨᠢᠭᠡ | ᠴᠣᠭᠴᠠᠵᠢᠭᠤᠯᠤᠨ ᠪᠠᠶᠢᠭᠤᠯᠤᠨᠠ᠃ ᠦᠡᠭᠭᠡᠨ ᠲᠠᠯᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ | ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠠᠬᠢᠭᠤᠯᠵᠤ᠂ ᠰᠢᠨᠡ ᠴᠠᠭ ᠦᠶᠡ ᠶᠢᠨ | ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠤᠬᠠᠮᠰᠠᠷ ᠢ ᠴᠢᠩᠭᠠᠳᠬᠠᠵᠤ᠂ ᠠᠷᠢᠭᠤᠨ ᠴᠢᠬᠡᠴᠢ ᠪᠠᠷ | ᠳᠠᠷᠤᠭᠠ ᠰᠠᠭᠤᠵᠤ᠂ ᠴᠡᠪᠡᠷ ᠴᠢᠬᠡᠴᠢ ᠪᠠᠷ ᠠᠵᠢᠯ ᠬᠢᠬᠦ ᠶᠢ ᠬᠥᠲᠥᠯᠥᠨ ᠵᠢᠯᠤᠭᠤᠳᠴᠤ᠂ ᠴᠢᠩᠭᠠ ᠵᠠᠯᠬᠠᠭᠠᠨ ᠰᠢᠢᠳᠬᠡᠬᠦ᠂ | ᠡᠷᠬᠡ ᠶᠢ ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠨᠢᠭᠲᠠ ᠤᠶᠠᠯᠳᠤᠭᠤᠯᠵᠤ᠂ | ᠵᠣᠬᠢᠴᠠᠭᠤᠯᠤᠨ ᠬᠤᠯᠪᠣᠯᠳᠤᠭᠤᠯᠵᠤ᠂ ᠨᠡᠩ ᠤᠯᠠᠨ ᠳᠦᠷᠢᠮ ᠤᠨ ᠴᠢᠨᠠᠷᠲᠠᠢ ᠦᠷᠡ ᠪᠦᠲᠦᠭᠡᠯ ᠪᠠ ᠨᠡᠩ ᠶᠡᠭᠡ | ᠵᠠᠰᠠᠯᠲᠠ ᠶᠢᠨ ᠦᠷᠡ ᠪᠦᠲᠦᠮᠵᠢ ᠶᠢ ᠲᠠᠰᠤᠷᠠᠯᠳᠠ ᠦᠭᠡᠢ ᠣᠯᠬᠤ ᠬᠡᠷᠡᠭᠲᠡᠢ᠃ | ᠨᠥᠬᠦᠳ ᠠ᠋︕ ᠴᠠᠭ ᠦᠶᠡ ᠪᠢᠳᠠᠨ ᠢ ᠤᠷᠢᠶᠠᠯᠠᠵᠤ ᠪᠠᠶᠢᠨᠠ᠂ ᠠᠷᠠᠳ ᠲᠦᠮᠡᠨ ᠪᠢᠳᠡᠨ ᠳᠤ ᠬᠦᠰᠡᠯ ᠡᠷᠡᠮᠡᠯᠵᠡᠯ | ᠲᠠᠯᠪᠢᠵᠤ ᠪᠠᠶᠢᠨᠠ᠂ ᠴᠥᠬᠦᠷᠡᠰᠢ ᠦᠭᠡᠢ ᠵᠣᠷᠢᠭ ᠢᠶᠠᠷ ᠰᠢᠨᠲᠠᠷᠠᠰᠢ ᠦᠭᠡᠢ ᠰᠢᠳᠤᠷᠭᠤ ᠠᠵᠢᠯᠯᠠᠪᠠᠯ ᠰᠠᠶ᠋ᠢ ᠴᠠᠭ ᠦᠶᠡ ᠳᠤ | ᠣᠰᠣᠯᠳᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨᠠ᠃ ᠨᠠᠮ ᠤᠨ ᠪᠦᠭᠦ ᠲᠠᠯᠠ ᠶᠢᠨ | ᠤᠳᠤᠷᠢᠳᠤᠯᠭᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ | ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ | ᠪᠦᠲᠦᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠰᠢᠨᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ | ᠪᠣᠯ ᠰᠢᠨᠡ ᠴᠠᠭ ᠦᠶᠡ ᠳᠤ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ | ᠨᠠᠮ ᠢ ᠪᠦᠭᠦ ᠲᠠᠯᠠ ᠪᠠᠷ ᠴᠢᠩᠭᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠢᠮᠠᠭᠲᠠ | ᠬᠠᠳᠠᠭᠠᠯᠠᠵᠤ᠂ ᠰᠢᠨᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ ᠭᠡᠳᠡᠭ ᠢ ᠪᠦᠭᠦ | ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠡᠨᠡ ᠪᠣᠯ ᠪᠢᠳᠡᠨ ᠤ ᠤᠷᠳᠤ ᠬᠤᠭᠤᠴᠠᠭᠠᠨ ᠤ ᠦᠢᠯᠡᠳᠦᠯᠭᠡ ᠶᠢᠨ | ᠳᠤᠮᠳᠠ ᠣᠯᠣᠭᠰᠠᠨ ᠲᠦᠢᠯ ᠤᠨ ᠴᠢᠬᠤᠯᠠ ᠵᠢᠮᠡ ᠶᠣᠰᠣᠴᠢ ᠴᠢᠨᠠᠷᠲᠠᠢ ᠲᠠᠨᠢᠯᠲᠠ ᠮᠥᠨ᠂ ᠡᠷᠬᠡᠪᠰᠢ ᠬᠤᠪᠢ ᠲᠠᠭᠢᠨ | ᠨᠠᠨᠳᠢᠩᠨᠠᠨ᠂ ᠢᠮᠠᠭᠲᠠ ᠪᠠᠷᠢᠮᠲᠠᠯᠠᠵᠤ᠂ ᠵᠣᠷᠢᠭᠰᠠᠨ ᠳᠠᠭᠠᠨ ᠵᠠᠪᠠᠯ ᠬᠦᠷᠬᠦ ᠪᠠᠷ ᠰᠢᠨᠲᠠᠷᠠᠰᠢ ᠦᠭᠡᠢ ᠲᠡᠮᠡᠴᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠪᠤᠷᠭᠤ ᠣᠩᠭᠤᠴᠠ ᠶᠢᠨ ᠰᠠᠯᠬᠢ ᠳᠠᠪᠠᠯᠭᠠᠨ ᠢ ᠰᠥᠷᠦᠨ᠂ ᠠᠯᠤᠰ ᠢ | ᠵᠣᠷᠢᠨ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠠ ᠪᠠᠲᠤᠯᠠᠬᠤ ᠬᠡᠷᠡᠭᠲᠡᠢ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨᠠ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ | ᠡᠭᠦᠳᠦᠨ ᠪᠦᠲᠦᠭᠡᠬᠦ ᠠᠤᠭᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠭᠦ ᠨᠠᠮ ᠢᠶᠠᠷ ᠢᠶᠠᠨ ᠪᠦᠭᠦ ᠰᠡᠳᠬᠢᠯ | ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ | ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ | ᠪᠦᠲᠦᠭᠡᠬᠦ ᠵᠣᠷᠢᠭ ᠰᠠᠨᠠᠭᠠ ᠶᠢ ᠭᠦᠨᠳᠦᠳᠭᠡᠵᠦ᠂ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ | ᠪᠦᠭᠦᠨ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠤ ᠤᠯᠠᠨ ᠲᠦᠮᠡᠨ ᠤ ᠳᠤᠮᠳᠠ | ᠣᠴᠢᠬᠤ ᠶᠢ ᠪᠠᠷᠢᠮᠲᠠᠯᠠᠨ᠂ ᠠᠷᠠᠳ ᠤᠯᠠᠨ ᠯᠤᠭᠠ ᠶᠢᠨ ᠴᠢᠰᠤ ᠮᠢᠬᠠᠨ ᠤ ᠪᠠᠷᠢᠯᠳᠤᠯᠭᠠ ᠪᠠᠨ ᠢᠮᠠᠭᠲᠠ ᠪᠠᠲᠤᠯᠠᠵᠤ᠂ | ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ | ᠰᠠᠨᠠᠭᠠ ᠪᠠᠨ ᠨᠢᠭᠡᠳᠬᠡᠨ᠂ ᠬᠤᠪᠢ ᠵᠠᠶᠠᠭᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠰᠡᠳᠬᠢᠯ | ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨᠡ᠃ ᠤᠳᠤ ᠦᠶᠡ ᠶᠢᠨ | ᠳᠤᠮᠳᠠᠳᠤ ᠤᠯᠤᠰ ᠤᠨ ᠵᠠᠯᠠᠭᠤᠴᠤᠳ ᠬᠠᠮᠤᠭ ᠤᠨ ᠰᠠᠶᠢᠬᠠᠨ ᠴᠠᠭ ᠦᠶᠡ ᠳᠤ ᠲᠣᠬᠢᠶᠠᠵᠤ᠂ ᠠᠪᠢᠶᠠᠰ ᠴᠢᠳᠠᠪᠤᠷᠢ ᠪᠠᠨ | ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ | ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨᠠ᠃ ᠪᠦᠭᠦ ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ | ᠪᠣᠳᠣᠯᠭᠠ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ | ᠵᠡᠪᠰᠡᠭᠯᠡᠵᠦ᠂ ᠨᠠᠮ ᠤᠨ ᠤᠭ ᠰᠠᠨᠠᠭᠠ ᠡᠭᠦᠷᠭᠡ ᠬᠠᠷᠢᠭᠤᠴᠠᠯᠭᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠤᠨ | ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ ᠵᠠᠯᠠᠭᠤᠴᠤᠳ ᠤᠨ ᠵᠠᠮᠴᠢᠯᠠᠭᠴᠢ ᠪᠤᠯᠬᠤ | ᠬᠡᠷᠡᠭᠲᠡᠢ᠃ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ | ᠲᠠᠭᠠᠵᠤ᠂ ᠬᠦᠰᠡᠯ ᠵᠡᠭᠦᠳᠦ ᠲᠠᠢ ᠮᠥᠷᠲᠡᠭᠡᠨ ᠯᠠᠪᠳᠠᠭᠤᠨ ᠪᠠᠲᠤᠲᠠᠢ ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ | ᠮᠥᠷᠲᠡᠭᠡᠨ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠬᠠᠷᠢᠭᠤᠴᠠᠯᠭᠠ ᠡᠭᠦᠷᠭᠡᠯᠡᠳᠡᠭ᠂ | ᠬᠦᠴᠢᠷ ᠠᠴᠠ ᠠᠶᠤᠬᠤ ᠦᠭᠡᠢ᠂ ᠵᠣᠷᠢᠭᠲᠠᠢ ᠲᠡᠮᠡᠴᠡᠬᠦ ᠰᠢᠨᠡ ᠴᠠᠭ ᠦᠶᠡ ᠶᠢᠨ ᠰᠠᠶᠢᠨ ᠵᠠᠯᠠᠭᠤᠴᠤᠳ ᠪᠤᠯᠬᠤ ᠡᠷᠴᠢ | ᠵᠣᠷᠢᠭ ᠢᠶᠠᠨ ᠬᠥᠪᠴᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ | ᠭᠠᠯ ᠬᠠᠯᠠᠭᠤᠨ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭᠠ ᠪᠠᠨ ᠰᠠᠴᠤᠷᠠᠭᠤᠯᠬᠤ ᠬᠡᠷᠡᠭᠲᠡᠢ᠃ | ᠨᠥᠬᠦᠳ ᠠ᠋︕ ᠨᠠᠮ ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ ᠦᠢᠯᠡᠰ ᠢ ᠪᠦᠲᠦᠭᠡᠭᠰᠡᠨ ᠢᠶᠠᠷ | ᠪᠠᠷᠠᠬᠤ ᠦᠭᠡᠢ᠂ ᠪᠠᠰᠠ ᠰᠢᠨᠡ ᠠᠭᠤᠤ ᠶᠡᠭᠡ ᠲᠡᠮᠡᠴᠡᠯ ᠢᠶᠠᠷ ᠰᠢᠨᠡ ᠠᠭᠤᠤ ᠦᠢᠯᠡᠰ ᠢ ᠡᠭᠦᠳᠭᠦ ᠨᠢ ᠯᠠᠪᠲᠠᠢ᠃ ᠪᠦᠭᠦ ᠨᠠᠮ | ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠭᠤᠰᠤᠨ ᠶᠠᠷᠢᠶᠠ ᠤᠯᠤᠰ ᠢ ᠰᠠᠭᠠᠲᠠᠭᠠᠵᠤ᠂ ᠪᠣᠳᠠᠲᠠᠢ ᠠᠵᠢᠯᠯᠠᠪᠠᠯ | ᠤᠯᠤᠰ ᠢᠶᠠᠨ ᠮᠠᠨᠳᠤᠭᠤᠯᠤᠨᠠ ᠭᠡᠳᠡᠭ ᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠨᠢᠭᠡ ᠰᠡᠳᠬᠢᠯ ᠨᠢᠭᠡ | ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕ |