ᠣᠶᠢᠷᠠ ᠳᠤ᠂ ᠤᠳᠠ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠ ᠪᠠ ᠥᠪᠥᠷ ᠮᠣᠩᠭᠤᠯ ᠤᠨ ᠰᠢᠩ ᠹᠠ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ︽ᠰᠢᠯᠢᠳᠡᠭ ᠭᠡᠷ ᠤᠨ ᠰᠤᠷᠲᠠᠯ ᠢ ᠤᠯᠠᠮᠵᠢᠯᠠᠨ | ᠂ ᠠᠷᠢᠭᠤᠨ ᠴᠢᠬᠡᠴᠢ ᠭᠡᠷ ᠪᠦᠯᠢ ᠶᠢ ᠪᠦᠲᠦᠭᠡᠨ ᠪᠠᠶᠢᠭᠤᠯᠬᠤ︾ ᠠᠷᠢᠭᠤᠨ ᠴᠢᠬᠡᠴᠢ ᠰᠣᠶᠣᠯ ᠢ ᠭᠡᠷ ᠪᠦᠯᠢ ᠳᠤ | ᠣᠷᠣᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯᠯᠠᠭᠠ ᠡᠷᠬᠢᠯᠡᠪᠡ᠂ 40 ᠭᠠᠷᠤᠢ ᠭᠡᠷ ᠪᠦᠯᠢ ᠲᠣᠰ | ᠠᠵᠢᠯᠯᠠᠭᠠ ᠳᠤ ᠣᠷᠣᠯᠴᠠᠵᠠᠢ᠃ ᠠᠵᠢᠯᠯᠠᠭᠠ ᠶᠢᠨ ᠳᠤᠮᠳᠠ᠂ ᠣᠯᠠᠨ ᠢᠶᠠᠷ ᠢᠶᠠᠨ ︽ᠰᠢᠯᠢᠳᠡᠭ ᠭᠡᠷ ᠪᠦᠯᠢ ᠶᠢᠨ | ᠰᠤᠷᠲᠠᠯ ᠢ ᠤᠯᠠᠮᠵᠢᠯᠠᠨ᠂ ᠠᠷᠢᠭᠤᠨ ᠴᠢᠬᠡᠴᠢ ᠭᠡᠷ ᠪᠦᠯᠢ ᠶᠢ ᠪᠦᠲᠦᠭᠡᠨ ᠪᠠᠶᠢᠭᠤᠯᠤᠶᠠ︾ ᠭᠡᠬᠦ ᠰᠠᠨᠠᠭᠠᠴᠢᠯᠠᠭᠠ ᠶᠢᠨ | ᠪᠢᠴᠢᠭ ᠨᠡᠶᠢᠲᠡᠯᠡᠵᠦ᠂ ᠡᠯᠪᠡᠭ ᠪᠠᠶᠠᠯᠢᠭ ᠣᠯᠠᠨ ᠶᠠᠩᠵᠤ ᠶᠢᠨ ᠪᠦᠯᠬᠦᠮ ᠨᠡᠶᠢᠲᠡ ᠶᠢᠨ ᠰᠣᠨᠢᠷᠬᠠᠯ ᠤᠨ ᠲᠣᠭᠯᠠᠭᠠᠮ | ᠲᠣᠬᠢᠷᠠᠭᠤᠯᠵᠤ᠂ ᠠᠷᠢᠭᠤᠨ ᠴᠢᠬᠡᠴᠢ ᠶᠢᠨ ᠬᠥᠮᠦᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠪᠡ᠃ |